ᠪᠠᠲᠤ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/10/23
    10 ᠰᠠᠷ᠎ᠠ ᠶᠢᠨ 22 ᠤᠨ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠠᠲᠤ ᠬᠠᠮᠲᠤ ᠶᠠᠪᠣᠭᠰᠠᠳ ᠲᠠᠢ ᠪᠠᠨ ᠤᠷᠢᠳ ᠬᠤᠵᠢᠳ ᠯᠦᠪᠸᠢ ᠪᠠᠯᠭᠠᠰᠤᠨ ᠤ ᠵᠣᠣ ᠵᠢᠶᠠ ᠫᠦ᠋ ᠲᠣᠰᠬᠤᠨ᠂ ᠠᠮᠠᠰᠠᠷ ᠭᠠᠴᠠᠭ᠎ᠠ ᠵᠡᠷᠭᠡ ᠭᠠᠵᠠᠷ ᠲᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠴᠠᠭᠠᠯᠲᠠ ᠶᠢᠨ ᠣᠯᠠᠨ ᠲᠦᠮᠡᠨ ᠤ ᠣᠷᠴᠢᠨ ᠲᠣᠭᠤᠷᠢᠨ ᠤ ᠵᠠᠬᠢᠳᠠᠯ ᠰᠤᠷᠪᠤᠯᠵᠢᠯᠠᠭ᠎ᠠ ᠶᠢᠨ ᠭᠤᠤᠯᠳᠠᠯᠭ᠎ᠠ ᠲᠠᠢ ᠬᠡᠷᠡᠭ᠂ ᠰᠡᠳᠬᠢᠯ ᠬᠠᠨᠤᠮᠵᠢ ᠦᠭᠡᠢ ᠬᠡᠷᠡᠭ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠤᠭᠰᠠᠨ ᠪᠥᠭᠡᠳ ᠪᠦᠦ ᠹᠧᠩ ᠲᠣᠭᠤᠰᠬ᠎ᠠ ᠶᠢᠨ ᠦᠢᠯᠡᠳᠪᠦᠷᠢ᠂ ᠬᠤᠩ ᠶᠤᠸᠠᠨ ᠴᠢᠯᠠᠭᠤᠨ ᠮᠠᠲ᠋ᠧᠷᠢᠶᠠᠯ ᠪᠣᠯᠪᠠᠰᠤᠷᠠᠭᠤᠯᠬᠤ ᠦᠢᠯᠡᠳᠪᠦᠷᠢ ᠶᠢᠨ ᠨᠡᠬᠡᠬᠡᠨ ᠮᠠᠯᠲᠠᠬᠤ ᠪᠠᠨ ᠵᠣᠭᠰᠣᠭᠠᠵᠤ ᠴᠡᠭᠴᠡᠯᠡᠨ ᠵᠠᠰᠠᠬᠤ ᠠᠰᠠᠭᠤᠳᠠᠯ ᠢ ᠲᠤᠬᠠᠶ ᠶᠢᠨ ᠭᠠᠵᠠᠷ ᠲᠤᠨᠢ ᠰᠤᠳᠤᠯᠤᠨ ᠰᠢᠢᠳᠪᠦᠷᠢᠯᠡᠵᠦ᠂ ᠬᠠᠷᠢᠭᠤ ᠲᠤᠰᠬᠠᠭᠰᠠᠨ ᠠᠰᠠᠭᠤᠳᠠᠯ ᠢ ᠦᠨᠡᠨ ᠬᠦ ᠴᠡᠭᠴᠡᠯᠡᠨ ᠰᠠᠶᠢᠵᠢᠷᠠᠭᠤᠯᠵᠤ ᠪᠦᠬᠦᠨ ᠢ  ᠰᠢᠢᠳᠪᠦᠷᠢᠯᠡᠬᠦ ᠶᠢ ᠠᠬᠢᠭᠤᠯᠪᠠ᠃ ᠳᠡᠳ᠋ ᠬᠤᠰᠢᠭᠤᠨ ᠳᠠᠷᠤᠭ᠎ᠠ ᠢᠦᠶ ᠬᠠᠶ ᠪᠦᠦ ᠵᠢᠴᠢ ᠬᠤᠰᠢᠭᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
03c3991d447b752b7ffe96985cd85aa.jpg
    ᠪᠠᠲᠤ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ︽ᠬᠥᠬᠡ ᠠᠭᠤᠯᠠ ᠬᠥᠬᠡᠮᠳᠦᠭ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ  ᠪᠠᠲᠣᠳᠬᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ ᠢ ᠡᠷᠡᠰ ᠰᠠᠬᠢᠵᠤ᠂ ᠤᠯᠤᠰ ᠲᠦᠷᠦ ᠶᠢᠨ ᠵᠣᠭᠰᠣᠴᠠ ᠪᠠᠨ  ᠣᠯᠠᠮ ᠨᠢᠭᠡ ᠠᠯᠬᠤᠮ ᠳᠡᠭᠡᠭᠰᠢᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠰᠠᠭᠤᠳᠠᠯ ᠢ ᠪᠠᠶᠢᠴᠠᠭᠠᠨ ᠳᠤᠳᠤᠯᠠᠬᠤ ᠦᠭᠡᠢ ᠪᠣᠯ ᠲᠠᠯᠪᠢᠬᠤ ᠦᠭᠡᠢ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠨᠠᠶᠢᠳᠠᠪᠤᠷᠢᠵᠢᠭᠤᠯᠬᠤ ᠦᠭᠡᠢ ᠪᠣᠯ ᠲᠠᠯᠪᠢᠬᠤ ᠦᠭᠡᠢ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠦᠭᠡᠢ ᠪᠣᠯ ᠲᠠᠯᠪᠢᠬᠤ ᠦᠭᠡᠢ᠂ ᠤᠯᠠᠨ ᠲᠦᠮᠡᠨ ᠬᠠᠨᠤᠮᠵᠢ ᠦᠭᠡᠢ ᠪᠣᠯ ᠲᠠᠯᠪᠢᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ ᠣᠯᠠᠨ ᠲᠦᠮᠡᠨ ᠤ ᠠᠵᠢᠯ ᠢ ᠬᠦᠯᠢᠴᠡᠩᠭᠦᠶ ᠨᠢᠮᠪᠠᠶ ᠰᠠᠶᠢᠲᠤᠷ ᠬᠢᠵᠦ᠂ ᠣᠯᠠᠨ ᠲᠦᠮᠡᠨ ᠤ ᠲᠤᠰᠬᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠶᠠᠪᠤᠳᠠᠯ ᠪᠦᠬᠦᠨ ᠳᠤ ᠬᠠᠷᠢᠭᠤᠯᠲᠠ ᠥᠭᠴᠦ᠂ ᠶᠠᠪᠤᠳᠠᠯ ᠪᠦᠬᠦᠨ ᠢ ᠨᠠᠶᠢᠲᠠᠪᠣᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃    ᠪᠠᠲᠤ ᠱᠠᠭᠠᠷᠳᠠᠭᠰᠠᠨ ᠨᠢ᠂ ᠬᠢᠨᠠᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠪᠣᠯᠤᠨ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠲᠥᠰᠦᠯ ᠢᠶᠠᠷ ᠠᠵᠢᠯᠯᠠᠵᠤ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠬᠦᠴᠦᠲᠡᠢ ᠡᠮᠬᠢ ᠵᠢᠷᠤᠮ ᠲᠠᠢ ᠠᠬᠢᠭᠤᠯᠵᠤ᠂ ᠬᠠᠰᠢ ᠶᠠᠰᠢ ᠪᠠᠷ ᠴᠡᠭᠴᠡᠯᠡᠨ ᠰᠠᠶᠢᠵᠢᠷᠠᠭᠤᠯᠬᠤ᠂ ᠦᠩᠭᠡᠨ ᠲᠠᠯ᠎ᠠ ᠠᠴᠠ ᠴᠡᠭᠴᠡᠯᠡᠨ ᠰᠠᠶᠢᠵᠢᠷᠠᠭᠤᠯᠬᠤ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠡᠷᠡᠰ ᠬᠤᠷᠢᠭᠯᠠᠵᠤ᠂ ᠨᠢᠭᠡ ᠠᠰᠠᠭᠤᠳᠠᠯ ᠢ ᠰᠢᠢᠳᠪᠦᠷᠢᠯᠡᠬᠦ ᠪᠠᠷ ᠳᠠᠮᠵᠢᠭᠤᠯᠤᠨ ᠨᠢᠭᠡ ᠲᠦᠷᠦᠯ ᠤᠨ ᠠᠰᠠᠭᠤᠳᠠᠯ ᠢ ᠰᠢᠢᠳᠪᠦᠷᠢᠯᠡᠵᠦ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠡᠳᠦᠷ ᠳᠤᠳᠤᠮ ᠤᠨ ᠴᠠᠭᠳᠠᠨ ᠪᠠᠶᠢᠴᠠᠭᠠᠯᠲᠠ ᠶᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠬᠦ ᠶᠢ ᠱᠠᠭᠠᠷᠳᠠᠵᠤ᠂ ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠲᠠᠬᠢᠨ ᠡᠭᠦᠰᠬᠦ ᠶᠢ ᠡᠷᠡᠰ ᠰᠡᠷᠭᠡᠶᠢᠯᠡᠵᠦ᠂ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠲᠣᠶᠢᠯᠪᠣᠷᠢᠲᠠᠢ ᠰᠢᠢᠳᠪᠦᠷᠢᠯᠡᠵᠦ᠂ ᠠᠰᠠᠭᠤᠳᠠᠯ ᠨᠠᠮᠡᠭᠳᠡᠬᠦ ᠶᠢ ᠬᠤᠷᠢᠭᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ ᠭᠡᠪᠡ᠃  
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号