| 10 ᠰᠠᠷ᠎ᠠ ᠶᠢᠨ 22 ᠤᠨ ᠡᠳᠦᠷ᠂ ᠵᠠᠷᠤᠳ ᠬᠤᠰᠢᠭᠤ 2024 ᠣᠨ ᠤ ᠶᠠᠰᠤ ᠴᠢᠨᠠᠷ ᠢᠶᠠᠷ ᠬᠤᠰᠢᠭᠤ ᠪᠠᠨ | ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠢᠪᠡ᠃ ᠳᠡᠳ᠋ ᠬᠤᠰᠢᠭᠤᠨ | ᠳᠠᠷᠤᠭ᠎ᠠ ᠸᠠᠩ ᠾᠧ ᠬᠤᠷᠠᠯ ᠳᠤ ᠣᠷᠣᠯᠴᠠᠨ ᠶᠠᠷᠢᠶ᠎ᠠ ᠲᠠᠯᠪᠢᠪᠠ᠂ ᠪᠥᠬᠦ ᠬᠤᠰᠢᠭᠤᠨ ᠤ ᠶᠠᠰᠤ ᠴᠢᠨᠠᠷ ᠢᠶᠠᠷ | ᠬᠤᠰᠢᠭᠤ ᠪᠠᠨ ᠬᠦᠴᠦᠷᠬᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠶᠢᠨ | ᠬᠠᠮᠢᠶ᠎ᠠ ᠪᠥᠬᠦᠶ ᠬᠠᠷᠢᠭᠤᠴᠠᠯᠭᠠᠲᠠᠨ ᠨᠡᠶᠢᠲᠡ 40 ᠭᠠᠷᠤᠶ ᠬᠦᠮᠦᠰ ᠬᠤᠷᠠᠯ ᠳᠤ ᠣᠷᠣᠯᠴᠠᠪᠠ᠃ | | | ᠬᠤᠷᠠᠯ ᠳᠡᠭᠡᠷ᠎ᠡ᠂ 2024 ᠣᠨ ᠤ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠶᠠᠰᠤ | ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠰᠢᠯᠭᠠᠨ ᠬᠢᠨᠠᠬᠤ | ᠠᠵᠢᠯ ᠤᠨ ᠮᠡᠳᠡᠭᠳᠡᠯ ᠢ ᠤᠯᠠᠮᠵᠢᠯᠠᠭᠰᠠᠨ ᠤ ᠬᠠᠮᠲᠤ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ | ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠸᠠᠩ ᠾᠧ ᠴᠢᠬᠤᠯᠠᠴᠢᠯᠠᠭᠰᠠᠨ ᠨᠢ᠂ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠠᠵᠢᠯ ᠤᠨ | ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠨᠵᠡᠭᠡᠶ ᠲᠠᠨᠢᠵᠤ᠂ ᠡᠯ᠎ᠡ ᠪᠦᠷᠢᠯᠳᠦᠬᠦᠨ ᠨᠢᠭᠡᠴᠡ ᠶᠢᠨ ᠬᠢᠨ | ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠶᠠᠰᠤ | ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠠᠰᠤ | ᠴᠢᠨᠠᠷ ᠤᠨ ᠠᠵᠢᠯ ᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠤᠮᠳᠠᠬᠢ ᠴᠢᠬᠤᠯᠠ ᠪᠠᠶᠢᠷᠢᠨ ᠳᠤ ᠲᠠᠯᠪᠢᠵᠤ᠂ | ᠦᠪᠡᠷ ᠦᠪᠡᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ | ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠠᠵᠢᠯ ᠤᠨ | ᠡᠯ᠎ᠡ ᠵᠦᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ᠃ ᠢᠲᠡᠭᠡᠯ ᠵᠣᠷᠢᠭ ᠢᠶᠠᠨ | ᠤᠯᠠᠮ ᠪᠠᠲᠤᠳᠬᠠᠵᠤ᠂ ᠵᠣᠷᠢᠭ ᠰᠠᠨᠠᠭ᠎ᠠ ᠪᠠᠨ ᠬᠥᠪᠴᠢᠯᠡᠵᠦ᠂ ᠨᠠᠩ ᠬᠠᠷᠢᠭᠤᠴᠠᠯᠭᠠᠲᠤ ᠣᠪᠣᠷ᠂ ᠨᠠᠩ ᠯᠠᠪᠳᠠᠭᠤᠨ | ᠪᠠᠲᠤᠲᠠᠶ ᠰᠤᠷᠲᠠᠯ ᠢᠶᠠᠷ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ ᠶᠢᠨ | ᠠᠵᠢᠯ ᠢ ᠠᠬᠢᠭᠤᠯᠵᠤ᠂ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠠᠵᠢᠯ ᠤᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ | ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠪᠡ᠃ | |