10 ᠰᠠᠷ᠎ᠠ ᠶᠢᠨ 22 ᠤᠨ ᠡᠳᠦᠷ᠂ ᠪᠥᠬᠦ ᠬᠤᠰᠢᠭᠤᠨ ᠤ 2024 ᠣᠨ ᠤ ᠶᠠᠳᠠᠭᠤ ᠠᠴᠠ | ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠬᠢᠨᠠᠨ ᠰᠢᠯᠭᠠᠵᠤ ᠦᠨᠡᠯᠡᠨ ᠵᠢᠱᠢᠬᠦ | ᠠᠵᠢᠯ ᠤᠨ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ ᠼᠦᠢ ᠯᠸᠢ ᠯᠸᠢ ᠬᠤᠷᠠᠯ ᠡᠷᠬᠢᠯᠡᠵᠦ ᠶᠠᠷᠢᠶ᠎ᠠ ᠲᠠᠯᠪᠢᠪᠠ᠃ | | | | | ᠬᠤᠷᠠᠯ ᠳᠡᠭᠡᠷ᠎ᠡ᠂ ᠳᠡᠭᠡᠳᠦ ᠱᠠᠲᠤᠨ ᠤ ᠬᠢᠨᠠᠨ ᠰᠢᠯᠭᠠᠵᠤ ᠦᠨᠡᠯᠡᠨ ᠵᠢᠱᠢᠬᠦ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠵᠤ᠂ ᠲᠣᠰ ᠤᠳᠠᠭᠠᠨ ᠤ ᠬᠢᠨᠠᠨ ᠰᠢᠯᠭᠠᠵᠤ ᠦᠨᠡᠯᠡᠨ ᠵᠢᠱᠢᠬᠦ ᠴᠠᠭ ᠬᠤᠭᠤᠴᠠᠭ᠎ᠠ᠂ | ᠬᠡᠷᠡᠭᠵᠢᠭᠦᠯᠬᠦ ᠠᠷᠭ᠎ᠠ ᠮᠠᠶ᠋ᠢᠭ ᠵᠢᠴᠢ ᠦᠨᠡᠯᠡᠨ ᠵᠢᠱᠢᠬᠦ ᠪᠠᠷᠢᠮᠵᠢᠶ᠎ᠠ ᠶᠢ ᠲᠣᠳᠣᠷᠬᠠᠶᠢᠯᠠᠵᠤ᠂ ᠣᠳᠣᠬᠠᠨ ᠤ ᠬᠢᠨᠠᠨ | ᠰᠢᠯᠭᠠᠵᠤ ᠦᠨᠡᠯᠡᠨ ᠵᠢᠱᠢᠬᠦ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠪᠠ ᠣᠷᠣᠰᠢᠵᠤ ᠪᠠᠶᠢᠭ᠎ᠠ ᠲᠤᠳᠠᠭᠳᠠᠯ | ᠪᠠᠭᠤᠷᠠᠶ ᠲᠠᠯ᠎ᠠ ᠶᠢ ᠵᠠᠳᠠᠯᠤᠨ ᠰᠤᠳᠤᠯᠵᠤ ᠮᠠᠭᠠᠳᠯᠠᠭᠰᠠᠨ ᠪᠥᠭᠡᠳ ᠲᠠᠷᠠᠭᠠᠴᠢ ᠶᠢᠨ ᠠᠯᠬᠤᠮ ᠤᠨ ᠪᠠᠶᠢᠴᠠᠭᠠᠯᠲᠠ ᠶᠢ | ᠤᠭᠲᠤᠬᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ | | | | | ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠢᠨᠠᠨ ᠰᠢᠯᠭᠠᠵᠤ ᠦᠨᠡᠯᠡᠨ ᠵᠢᠱᠢᠬᠦ | ᠪᠠᠶᠢᠴᠠᠭᠠᠯᠲᠠ ᠶᠢ ᠤᠭᠲᠤᠬᠤ ᠠᠵᠢᠯ ᠢ ᠰᠠᠶᠢᠲᠤᠷ ᠬᠢᠬᠦ ᠶᠢᠨ ᠲᠥᠪ ᠴᠢᠩᠭ᠎ᠠ ᠴᠢᠨᠠᠷ᠂ ᠴᠢᠬᠤᠯᠠ ᠴᠢᠨᠠᠷ ᠢ ᠭᠦᠨᠵᠡᠭᠡᠢ | ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠪᠤᠳᠤᠯ ᠢᠶᠠᠨ ᠦᠨᠡᠨ ᠬᠦ ᠴᠢᠩᠭᠠᠳᠬᠠᠵᠤ᠂ ᠳᠡᠭᠡᠳᠦ | ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠤᠨ ᠠᠵᠢᠯᠯᠠᠭ᠎ᠠ ᠶᠢᠨ | ᠤᠬᠠᠮᠰᠠᠷ ᠢᠶᠠᠷ ᠬᠢᠨᠠᠨ ᠰᠢᠯᠭᠠᠬᠤ ᠡᠯ᠎ᠡ ᠵᠦᠢᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠲᠠᠨᠢᠯᠲᠠ ᠪᠠᠨ ᠳᠡᠭᠡᠭᠰᠢᠯᠡᠭᠦᠯᠵᠦ᠂ ᠬᠢᠨᠠᠨ ᠰᠢᠯᠭᠠᠯᠲᠠ ᠶᠢᠨ ᠴᠢᠬᠤᠯᠠ ᠴᠢᠨᠠᠷ ᠢ ᠭᠦᠨᠵᠡᠭᠡᠢ | ᠣᠶᠢᠯᠠᠭᠠᠬᠤ ᠬᠡᠷᠡᠭᠲᠡᠢ᠃ ᠬᠢᠨᠠᠨ ᠰᠢᠯᠭᠠᠯᠲᠠ ᠨᠢ ᠥᠩᠭᠡᠷᠡᠭᠰᠡᠨ ᠤ ᠠᠵᠢᠯ ᠢ ᠰᠢᠯᠭᠠᠬᠤ ᠪᠠᠷ ᠪᠠᠷᠠᠬᠤ ᠦᠭᠡᠢ ᠨᠡᠩ | ᠴᠤ ᠢᠷᠡᠭᠡᠳᠦᠢ ᠶᠢᠨ ᠠᠵᠢᠯ ᠢᠶᠠᠨ ᠦᠷᠭᠦᠯᠵᠢᠯᠡᠨ ᠰᠠᠶᠢᠵᠢᠷᠠᠭᠤᠯᠬᠤ ᠪᠠ ᠳᠡᠭᠡᠭᠰᠢᠯᠡᠭᠦᠯᠬᠦ ᠶᠢ ᠠᠬᠢᠭᠤᠯᠬᠤ ᠴᠢᠬᠤᠯᠠ | ᠠᠵᠠ ᠲᠣᠬᠢᠶᠠᠯ ᠪᠣᠯᠤᠨ᠎ᠠ᠂ ᠢᠳᠡᠪᠬᠢᠲᠡᠢ ᠰᠠᠨᠠᠭᠠᠴᠢᠯᠠᠭ᠎ᠠ ᠲᠠᠢ ᠣᠪᠣᠷ ᠢᠶᠠᠷ ᠬᠢᠨᠠᠨ ᠰᠢᠯᠭᠠᠯᠲᠠ ᠶᠢ ᠤᠭᠲᠤᠵᠤ᠂ | ᠬᠢᠨᠠᠨ ᠰᠢᠯᠭᠠᠬᠤ ᠳᠠᠷᠤᠯᠲᠠ ᠶᠢ ᠠᠵᠢᠯ ᠤᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ | ᠡᠭᠦᠷᠭᠡ ᠪᠠᠨ ᠲᠣᠳᠣᠷᠬᠠᠶᠢᠯᠠᠵᠤ᠂ ᠬᠢᠨᠠᠨ ᠰᠢᠯᠭᠠᠬᠤ ᠭᠦᠢᠴᠡᠳᠭᠡᠯ ᠲᠤᠭ᠎ᠠ ᠶᠢ ᠣᠨᠣᠪᠴᠢᠲᠠᠢ ᠡᠵᠡᠮᠳᠡᠬᠦ ᠬᠡᠷᠡᠭᠲᠡᠢ᠃ | ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠬᠢᠨᠠᠨ ᠰᠢᠯᠭᠠᠬᠤ ᠭᠦᠢᠴᠡᠳᠭᠡᠯ ᠲᠤᠭ᠎ᠠ ᠶᠢᠨ ᠰᠢᠰᠲ᠋ᠧᠮ ᠲᠠᠢ | ᠴᠢᠩᠭ᠎ᠠ ᠬᠠᠷᠭᠤᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠪᠦᠬᠦ ᠲᠠᠯ᠎ᠠ ᠪᠠᠷ ᠨᠠᠷᠢᠨ ᠬᠢᠨᠠᠮᠠᠭᠠᠢ ᠡᠮᠬᠢᠯᠡᠵᠦ᠂ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠭᠦᠢᠴᠡᠳᠭᠡᠯ ᠲᠤᠭ᠎ᠠ ᠨᠢᠭᠡᠪᠦᠷᠢ ᠶᠢ ᠪᠣᠳᠠᠲᠠᠢ | ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠢ ᠬᠠᠮᠢᠶᠠᠷᠬᠤ ᠬᠥᠮᠦᠨ ᠲᠠᠢ᠂ ᠶᠠᠪᠤᠳᠠᠯ ᠪᠦᠬᠦᠨ ᠢ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠭᠤᠣᠯᠳᠠᠯᠭ᠎ᠠ ᠶᠢ ᠳᠤᠪᠤᠶᠢᠯᠭᠠᠵᠤ᠂ ᠬᠢᠨᠠᠨ ᠰᠢᠯᠭᠠᠵᠤ ᠦᠨᠡᠯᠡᠬᠦ | ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠢ᠃ ᠭᠤᠣᠯᠳᠠᠯᠭ᠎ᠠ ᠶᠢ ᠠᠳᠬᠤᠵᠤ᠂ ᠬᠢᠨᠠᠨ ᠰᠢᠯᠭᠠᠵᠤ | ᠦᠨᠡᠯᠡᠨ ᠵᠢᠱᠢᠬᠦ ᠡᠯ᠎ᠡ ᠵᠦᠢᠯ ᠤᠨ ᠪᠡᠯᠡᠳᠬᠡᠯ ᠠᠵᠢᠯ ᠢ ᠨᠠᠷᠢᠨ ᠨᠢᠮᠪᠠᠢ ᠰᠠᠶᠢᠲᠤᠷ ᠬᠢᠬᠦ ᠬᠡᠷᠡᠭᠲᠡᠢ᠃ ᠡᠯ᠎ᠡ ᠭᠠᠵᠠᠷ | ᠡᠯ᠎ᠡ ᠰᠠᠯᠠᠭ᠎ᠠ ᠮᠥᠴᠢᠷ ᠤᠨ ᠬᠢᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭᠠᠨ ᠤ ᠤᠬᠠᠮᠰᠠᠷ ᠢᠶᠠᠨ | ᠴᠢᠩᠭᠠᠳᠬᠠᠵᠤ᠂ ᠵᠣᠬᠢᠶᠠᠨ ᠪᠠᠶᠢᠭᠤᠯᠵᠤ ᠤᠳᠤᠷᠢᠳᠬᠤ ᠠᠵᠢᠯ ᠢᠶᠠᠨ ᠴᠢᠩᠭᠠᠳᠬᠠᠨ᠂ ᠺᠠᠳ᠋ᠷ ᠤᠨ ᠪᠣᠯᠪᠠᠰᠤᠷᠠᠭᠤᠯᠤᠯ ᠢ | ᠰᠠᠶᠢᠲᠤᠷ ᠥᠷᠨᠢᠭᠦᠯᠬᠦ ᠬᠡᠷᠡᠭᠲᠡᠶ᠃ ᠪᠥᠬᠦ ᠲᠠᠯ᠎ᠠ ᠪᠠᠷ ᠡᠷᠦᠬᠡ ᠳᠤ ᠣᠷᠣᠵᠤ ᠵᠢᠭᠰᠠᠭᠠᠨ ᠪᠠᠶᠢᠴᠠᠭᠠᠵᠤ᠂ ᠰᠠᠭᠤᠷᠢ | ᠲᠤᠭ᠎ᠠ ᠶᠢ ᠣᠨᠣᠪᠴᠢᠲᠠᠶ ᠤᠶᠢᠯᠠᠭᠠᠨ᠂ ᠴᠢᠩᠭ᠎ᠠ ᠬᠦᠴᠦᠲᠡᠶ ᠠᠷᠭ᠎ᠠ ᠬᠡᠮᠵᠢᠶ᠎ᠡ ᠪᠠᠷ ᠬᠠᠪᠰᠤᠷᠤᠨ ᠲᠡᠳᠬᠦᠬᠦ ᠠᠷᠭ᠎ᠠ | ᠬᠡᠮᠵᠢᠶ᠎ᠡ ᠶᠢ ᠣᠨᠣᠴᠠᠲᠠᠶ ᠪᠠᠷ ᠨᠠᠶᠢᠳᠠᠪᠤᠷᠢᠵᠢᠭᠤᠯᠤᠨ᠂ ᠴᠢᠩᠭ᠎ᠠ ᠨᠢᠮᠪᠠᠶ ᠯᠠᠪᠳᠠᠭᠤᠨ ᠪᠠᠲᠤᠲᠠᠶ ᠰᠤᠷᠲᠠᠯ ᠢᠶᠠᠷ | ᠰᠢᠯᠭᠠᠯᠲᠠ ᠶᠢ ᠤᠭᠲᠤᠬᠤ ᠠᠵᠢᠯ ᠤᠨ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠬᠤ ᠬᠡᠷᠡᠭᠲᠡᠶ ᠭᠡᠵᠦ | ᠱᠠᠭᠠᠷᠳᠠᠪᠠ᠃ |