ᠪᠠᠶᠠᠨᠲᠠᠯ᠎ᠠ ᠰᠤᠮᠤ ᠵᠠᠮ ᠬᠠᠷᠢᠯᠴᠠᠭᠠᠨ ᠤ ᠠᠮᠤᠷ ᠲᠦᠪᠰᠢᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/28
     ᠣᠶᠢᠷ᠎ᠠ ᠳᠤ᠂ ᠪᠠᠶᠠᠨᠲᠠᠯ᠎ᠠ ᠲᠣᠮᠢᠯᠠᠭᠰᠠᠨ ᠰᠠᠯᠪᠤᠷᠢ ᠬᠠᠷᠢᠶᠠᠲᠤ ᠣᠷᠣᠨ ᠤ ᠪᠠᠨ ᠰᠤᠷᠭᠠᠭᠤᠯᠢ ᠳᠤ ᠭᠦᠨᠵᠡᠭᠡᠶᠢᠷᠡᠨ ᠵᠠᠮ ᠬᠠᠷᠢᠯᠴᠠᠭᠠᠨ ᠤ ᠠᠮᠤᠷ ᠲᠦᠪᠰᠢᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠥᠷᠨᠢᠭᠦᠯᠵᠦ᠂ ᠰᠤᠷᠤᠭᠴᠢᠳ ᠲᠤ ᠠᠮᠢᠳᠤᠯᠢᠭ ᠪᠥᠭᠡᠳ ᠰᠣᠨᠢᠷᠬᠠᠯᠲᠠᠶ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠬᠢᠴᠢᠶᠡᠯ ᠣᠷᠣᠪᠠ᠃ ᠠᠵᠢᠯᠯᠠᠭ᠎ᠠ ᠶᠢᠨ ᠳᠤᠮᠳᠠ᠂ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠵᠠᠮ ᠬᠠᠷᠢᠯᠴᠠᠭᠠᠨ ᠤ ᠠᠮᠤᠷ ᠲᠦᠪᠰᠢᠨ ᠤ ᠭᠤᠤᠯ ᠰᠡᠳᠦᠪ ᠤᠨ ᠲᠣᠭᠤᠷᠢᠨ ᠳᠤ᠂ ᠣᠨᠢᠰᠤᠭ᠎ᠠ ᠳᠠᠭᠠᠬᠤ᠂ ᠵᠠᠪᠳᠤᠨ ᠬᠠᠷᠢᠭᠤᠯᠬᠤ ᠰᠡᠳᠦᠪ᠂ ᠣᠯᠠᠨ ᠬᠠᠷᠢᠭᠤᠯᠳᠠ ᠰᠣᠩᠭᠤᠬᠤ᠂ ᠰᠡᠷᠡᠮᠵᠢᠯᠡᠭᠦᠯᠬᠦ ᠤᠷᠢᠶ᠎ᠠ ᠯᠣᠽᠦ᠋ᠩ ᠤᠩᠰᠢᠬᠤ ᠵᠡᠷᠭᠡ ᠣᠯᠠᠨ ᠵᠤᠶᠢᠯ ᠤᠨ ᠬᠠᠷᠢᠯᠴᠠᠨ ᠬᠥᠳᠡᠯᠦᠯᠴᠡᠬᠦ ᠬᠡᠯᠪᠡᠷᠢ ᠪᠠᠷ ᠳᠠᠮᠵᠢᠭᠤᠯᠤᠨ᠂ ᠰᠤᠷᠤᠭᠴᠢᠳ ᠢ ᠬᠥᠮᠦᠵᠢᠭᠦᠯᠦᠨ ᠵᠠᠮ ᠬᠠᠷᠢᠯᠴᠠᠭᠠᠨ ᠤ ᠲᠦᠷᠢᠮ ᠢ ᠵᠢᠷᠤᠮᠯᠠᠭᠤᠯᠵᠤ᠂ ᠵᠠᠮ ᠬᠠᠷᠢᠯᠴᠠᠭᠠᠨ ᠤ ᠮᠠᠭᠤ ᠳᠠᠳᠬᠠᠯ ᠢ ᠲᠠᠶᠠᠭᠳᠠᠵᠤ᠂ ᠰᠣᠷᠣᠭᠰᠠᠨ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠡᠳᠦᠷ ᠲᠤᠲᠤᠮ ᠤᠨ ᠠᠮᠢᠳᠤᠷᠠᠯ ᠳᠤ ᠪᠠᠨ ᠬᠡᠷᠡᠭᠯᠡᠵᠦ᠂ ᠪᠣᠯᠪᠠᠰᠤᠨ ᠢᠶᠠᠷ ᠬᠠᠤᠯᠢ ᠶᠢ ᠰᠠᠬᠢᠬᠤ ᠶᠢ ᠪᠡᠶᠡᠯᠡᠭᠦᠯᠵᠦ᠂ ᠠᠮᠤᠷ ᠲᠦᠪᠰᠢᠨ᠂ ᠡᠮᠬᠢ ᠵᠢᠷᠤᠮ ᠲᠠᠢ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠬᠠᠮᠲᠤ ᠪᠠᠷ ᠪᠣᠶ ᠪᠤᠯᠭᠠᠪᠠ᠃     
微信图片_20241028111015.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号