ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠪᠠᠶᠢᠷᠢᠯᠠᠭᠤᠯᠤᠯᠲᠠ᠂ ᠠᠵᠢᠯᠲᠠᠨ ᠤ | ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠵᠢᠯ ᠤᠨ ᠪᠠᠶᠢᠷᠢ ᠠᠴᠠ ᠪᠠᠨ ᠰᠠᠯᠬᠤ᠂ ᠠᠵᠢᠯ ᠤᠨ | ᠪᠠᠶᠢᠷᠢ ᠶᠢ ᠣᠷᠣᠯᠠᠬᠤ᠂ ᠠᠵᠢᠯᠯᠠᠬᠤ ᠦᠭᠡᠢ ᠪᠠᠷ ᠴᠠᠯᠢᠩ ᠠᠪᠬᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ | ᠥᠬᠡᠶ ᠵᠡᠷᠭᠡ ᠦᠵᠡᠭᠳᠡᠯ ᠭᠠᠷᠬᠤ ᠠᠴᠠ ᠰᠡᠷᠭᠡᠶᠢᠯᠡᠬᠦ ᠶᠢᠨ ᠲᠥᠯᠥᠭᠡ᠂ ᠣᠶᠢᠷ᠎ᠠ ᠳᠤ᠂ ᠬᠤᠰᠢᠭᠤᠨ ᠤ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠢᠨ ᠨᠡᠶᠢᠲᠡ ᠶᠢᠨ ᠠᠰᠠᠷᠠᠮᠵᠢ ᠶᠢᠨ | ᠴᠢᠨᠠᠷᠲᠠᠶ ᠠᠵᠢᠯ ᠤᠨ ᠪᠠᠶᠢᠷᠢ ᠶᠢᠨ ᠲᠤᠰᠬᠠᠶ ᠪᠠᠶᠢᠴᠠᠭᠠᠯᠲᠠ ᠬᠢᠪᠠ᠃ ᠲᠣᠰ ᠤᠳᠠᠭᠠᠨ ᠤ ᠲᠤᠰᠬᠠᠶ ᠪᠠᠶᠢᠴᠠᠭᠠᠯᠲᠠ ᠶᠢ | ᠠᠬᠤᠢ ᠭᠠᠵᠠᠷ ᠲᠤᠨᠢ ᠰᠤᠷᠪᠤᠯᠵᠢᠯᠠᠬᠤ ᠠᠷᠭ᠎ᠠ ᠮᠠᠶ᠋ᠢᠭ ᠢ ᠠᠪᠴᠤ᠂ ᠡᠯ᠎ᠡ ᠰᠤᠮᠤ ᠪᠠᠯᠭᠠᠰᠤ ᠵᠡᠷᠭᠡ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠳᠤ ᠪᠥᠬᠦ ᠲᠠᠯ᠎ᠠ ᠶᠢᠨ ᠪᠠᠶᠢᠴᠠᠭᠠᠯᠲᠠ ᠥᠷᠨᠢᠭᠦᠯᠪᠡ᠃ ᠲᠤᠬᠠᠶ ᠶᠢᠨ | ᠲᠠᠯᠠᠪᠤᠷ ᠲᠤ ᠠᠵᠢᠯ ᠤᠨ ᠪᠠᠶᠢᠷᠢ ᠶᠢ ᠪᠠᠶᠢᠴᠠᠭᠠᠬᠤ᠂ ᠨᠢᠭᠤᠷᠳᠠᠨ ᠶᠠᠷᠢᠯᠴᠠᠬᠤ᠂ ᠨᠢᠭᠡᠳ ᠨᠢᠭᠡ ᠪᠠᠷ ᠨᠡᠷ᠎ᠡ ᠳᠤᠷᠠᠳᠬᠤ | ᠂ ᠪᠡᠶ᠎ᠡ ᠶᠢᠨ ᠭᠠᠷᠤᠯ ᠢ ᠬᠠᠷᠭᠤᠭᠤᠯᠬᠤ ᠵᠡᠷᠭᠡ ᠠᠷᠭ᠎ᠠ ᠮᠠᠶ᠋ᠢᠭ ᠢᠶᠠᠷ ᠲᠠᠮᠵᠢᠨ᠂ ᠨᠡᠶᠢᠲᠡ ᠶᠢᠨ ᠠᠰᠠᠷᠠᠮᠵᠢ ᠶᠢᠨ | ᠴᠢᠨᠠᠷᠲᠠᠶ ᠠᠵᠢᠯ ᠤᠨ ᠪᠠᠶᠢᠷᠢ ᠶᠢᠨ ᠠᠵᠢᠯᠲᠠᠨ ᠤ ᠠᠵᠢᠯ ᠤᠨ ᠪᠠᠶᠢᠷᠢ ᠳᠤ ᠭᠠᠷᠴᠤ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠭᠰᠡᠨ ᠪᠠᠶᠢᠳᠠᠯ ᠢ ᠨᠠᠷᠢᠨ ᠣᠶᠢᠯᠠᠭᠠᠪᠠ᠃ ᠡᠭᠦᠨ ᠤ ᠬᠠᠮᠲᠤ᠂ ᠦᠢᠯᠡᠳᠦᠯᠬᠡ ᠲᠠᠢ ᠤᠶᠠᠯᠳᠤᠭᠤᠯᠤᠨ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠲᠥᠷᠥ ᠶᠢᠨ ᠪᠣᠳᠣᠯᠭ᠎ᠠ ᠶᠢ ᠤᠬᠠᠭᠤᠯᠤᠨ | ᠲᠠᠶᠢᠯᠪᠤᠷᠢᠯᠠᠵᠤ᠂ ᠬᠥᠮᠦᠨ ᠬᠡᠷᠡᠭᠯᠡᠬᠦ ᠨᠢᠭᠡᠴᠡ ᠶᠢ ᠬᠠᠪᠰᠤᠷᠤᠨ ᠠᠷᠠᠳ ᠲᠤ ᠠᠰᠢᠭ ᠬᠦᠷᠲᠡᠭᠡᠬᠦ ᠠᠵᠤ | ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠵᠦᠪ ᠬᠡᠷᠡᠭᠯᠡᠵᠦ᠂ | ᠤᠨᠤᠴᠠᠳᠠᠢ ᠬᠡᠷᠡᠭᠯᠡᠨ᠎ᠡ᠃ | | | |