| 10 ᠰᠠᠷ᠎ᠠ ᠶᠢᠨ 28 ᠤ ᠡᠳᠦᠷ᠂ ᠵᠠᠷᠤᠳ ᠬᠤᠰᠢᠭᠤᠨ ᠤ ᠠᠭᠤᠷᠬᠠᠢ ᠶᠢᠨ ᠭᠠᠷᠣᠯᠲᠠ ᠶᠢᠨ ᠡᠬᠢ ᠪᠠᠶᠠᠯᠢᠭ ᠤᠨ | ᠨᠡᠶᠢᠭᠡᠮᠯᠢᠭ ᠤᠨ ᠠᠩᠬᠠᠳᠤᠭᠠᠷ ᠤᠳᠠᠭᠠᠨ ᠤ ᠭᠡᠰᠢᠭᠦᠳ ᠤᠨ ᠶᠡᠭᠡ ᠬᠤᠷᠠᠯ ᠵᠢᠴᠢ ᠪᠠᠶᠢᠭᠤᠯᠤᠭᠳᠠᠭᠰᠠᠨ ᠶᠡᠭᠡ ᠬᠤᠷᠠᠯ | ᠬᠢᠪᠡ᠃ ᠳᠡᠳ᠋ ᠬᠤᠰᠢᠭᠤᠨ ᠳᠠᠷᠤᠭ᠎ᠠ ᠸᠠᠩ ᠾᠧ ᠬᠤᠷᠠᠯ ᠳᠤ ᠣᠷᠣᠯᠴᠠᠵᠤ᠂ ᠬᠤᠰᠢᠭᠤᠨ ᠤ ᠰᠢᠭᠤᠳ ᠬᠠᠷᠢᠶ᠎ᠠ | ᠡᠯ᠎ᠡ ᠰᠠᠯᠠᠭ᠎ᠠ ᠮᠥᠴᠢᠷ ᠨᠢᠭᠡᠴᠡ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠨᠡᠶᠢᠭᠡᠮᠯᠢᠭ ᠤᠨ ᠭᠡᠰᠢᠭᠦᠨ ᠬᠤᠷᠠᠯ ᠳᠤ | ᠣᠷᠣᠯᠴᠠᠪᠠ᠃ | ᠵᠠᠷᠤᠳ ᠬᠤᠰᠢᠭᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠨᠡᠶᠢᠭᠡᠮᠯᠢᠭ ᠨᠢ ᠵᠠᠷᠣᠳ | ᠬᠤᠰᠢᠭᠤᠨ ᠤ ᠡᠨᠧᠷᠭᠢ ᠶᠢᠨ ᠪᠦᠯᠦᠭᠯᠡᠯ ᠠᠴᠠ ᠡᠭᠦᠰᠭᠡᠨ ᠪᠠᠶᠢᠭᠤᠯᠵᠤ᠂ ᠬᠤᠰᠢᠭᠤᠨ ᠤ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ᠠᠴᠠ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠵᠦ᠂ ᠬᠤᠰᠢᠭᠤᠨ ᠤ ᠠᠷᠠᠳ ᠤᠨ | ᠶᠠᠪᠤᠳᠠᠯ ᠤᠨ ᠲᠣᠪᠴᠢᠶ᠎ᠠ ᠶᠢ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠭᠠᠪᠠ᠃ | ᠬᠤᠷᠠᠯ ᠠᠴᠠ ︽ᠵᠠᠷᠤᠳ ᠬᠤᠰᠢᠭᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠨᠡᠶᠢᠭᠡᠮᠯᠢᠭ ᠤᠨ | ᠲᠦᠷᠢᠮ ︵ᠲᠥᠰᠦᠯ︶︾ ︽ᠵᠠᠷᠤᠳ ᠬᠤᠰᠢᠭᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ | ᠨᠡᠶᠢᠭᠡᠮᠯᠢᠭ ᠤᠨ ᠠᠩᠬᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠬᠡᠷᠡᠭ ᠡᠷᠬᠢᠯᠡᠭᠴᠢᠳ ᠤᠨ | ᠬᠤᠷᠠᠯ ᠤᠨ ᠰᠣᠩᠭᠤᠭᠤᠯᠢ ᠶᠢᠨ ᠠᠷᠭ᠎ᠠ︾ ᠶᠢ ᠬᠢᠨᠠᠨ ᠵᠥᠪᠯᠡᠵᠦ ᠪᠠᠲᠤᠯᠠᠨ᠂ ᠵᠠᠷᠤᠳ ᠬᠤᠰᠢᠭᠤᠨ ᠤ ᠠᠭᠤᠷᠬᠠᠢ ᠶᠢᠨ | ᠭᠠᠷᠤᠯᠲᠠ ᠶᠢᠨ ᠡᠬᠢ ᠪᠠᠶᠠᠯᠢᠭ ᠤᠨ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ | ᠬᠤᠷᠠᠯ ᠤᠨ ᠪᠦᠷᠢᠯᠳᠦᠬᠦᠨ ᠨᠢᠭᠡᠴᠡ ᠪᠣᠯᠤᠨ ᠵᠠᠷᠤᠳ ᠬᠤᠰᠢᠭᠤᠨ ᠤ ᠠᠭᠤᠷᠬᠠᠢ ᠶᠢᠨ ᠭᠠᠷᠤᠯᠲᠠ ᠶᠢᠨ ᠡᠬᠢ | ᠪᠠᠶᠠᠯᠢᠭ ᠤᠨ ᠨᠡᠶᠢᠭᠡᠮᠯᠢᠭ ᠤᠨ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠳᠠᠷᠤᠭ᠎ᠠ᠂ | ᠳᠡᠳ᠋ ᠳᠠᠷᠤᠭ᠎ᠠ ᠪᠣᠯᠤᠨ ᠨᠠᠷᠢᠨ ᠪᠢᠴᠢᠭ ᠤᠨ ᠳᠠᠷᠤᠭ᠎ᠠ ᠶᠢ ᠰᠣᠩᠭᠤᠨ ᠭᠠᠷᠭᠠᠪᠠ᠃ | ᠬᠤᠷᠠᠯ ᠳᠡᠭᠡᠷ᠎ᠡ᠂ ᠸᠠᠩ ᠾᠧ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ | ᠵᠠᠷᠤᠳ ᠬᠤᠰᠢᠭᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠨᠡᠶᠢᠭᠡᠮᠯᠢᠭ ᠪᠠᠶᠢᠭᠤᠯᠤᠭᠳᠠᠭᠰᠠᠨ ᠳᠤ | ᠪᠠᠶᠠᠷ ᠬᠦᠷᠭᠡᠪᠡ᠃ ᠲᠡᠷᠡ ᠵᠢᠭᠠᠪᠣᠷᠢᠯᠠᠭᠰᠠᠨ ᠨᠢ᠂ ᠲᠠᠪᠴᠠᠩ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ | ᠬᠤᠰᠢᠭᠤᠨ ᠤ ᠳᠣᠲᠣᠷ᠎ᠠ ᠭᠠᠳᠠᠨᠠᠬᠢ ᠠᠵᠢᠯ ᠨᠢᠭᠡᠲᠡᠨ ᠲᠠᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠂ | ᠲᠡᠷᠢᠭᠦᠨ ᠤ ᠮᠡᠷᠭᠡᠵᠢᠯ ᠪᠠ ᠬᠠᠮᠢᠶᠠᠷᠤᠯᠲᠠ ᠶᠢᠨ ᠲᠤᠷᠰᠢᠯᠭ᠎ᠠ ᠶᠢ ᠣᠷᠣᠭᠤᠯᠤᠨ ᠠᠪᠴᠢᠷᠠᠵᠤ᠂ ᠪᠥᠬᠦ ᠬᠤᠰᠢᠭᠤᠨ ᠤ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠰᠢᠨᠵᠢᠯᠡᠬᠦ ᠤᠬᠠᠭᠠᠨᠴᠢᠯᠠᠭᠰᠠᠨ᠂ ᠲᠤᠰᠬᠠᠶᠢᠵᠢᠭᠰᠠᠨ | ᠬᠥᠭᠵᠢᠯᠲᠡ ᠶᠢ ᠠᠬᠢᠭᠤᠯᠬᠤ ᠬᠡᠷᠡᠭᠲᠡᠶ᠃ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ | ᠢᠳᠡᠪᠬᠢᠲᠡᠢ ᠠᠬᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠪᠠᠯ | ᠴᠢᠯᠠᠭᠤ᠂ ᠹᠯᠣᠷ ᠤᠨ ᠬᠢᠮᠢ ᠶᠢᠨ ᠠᠵᠤ ᠦᠢᠯᠡᠳᠪᠦᠷᠢ᠂ ᠲᠡᠨᠢᠭᠢᠷ ᠴᠢᠯᠠᠭᠤ ᠵᠡᠷᠭᠡ ᠠᠵᠤ ᠦᠢᠯᠡᠰ ᠤᠨ ᠳᠡᠰ ᠳᠡᠪᠰᠢᠬᠦ | ᠪᠠ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ | ᠠᠰᠢᠭᠯᠠᠯᠲᠠ ᠶᠢᠨ ᠦᠷ᠎ᠡ ᠪᠦᠲᠦᠮᠵᠢ ᠪᠠ ᠨᠡᠮᠡᠯᠲᠡ ᠦᠷᠳᠡᠭ ᠢ ᠳᠡᠭᠡᠭᠰᠢᠯᠡᠭᠦᠯᠬᠦ ᠬᠡᠷᠡᠭᠲᠡᠢ᠃ ᠡᠬᠢ ᠪᠠᠶᠠᠯᠢᠭ ᠢ | ᠬᠠᠶᠢᠨ ᠪᠠᠶᠢᠴᠠᠭᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠣᠬᠤᠷᠬᠠᠨ ᠬᠤᠭᠤᠴᠠᠭᠠᠨ ᠳᠤ | ᠭᠤᠣᠯᠳᠠᠯᠭᠠᠲᠠᠢ ᠰᠢᠪᠲᠣᠯᠣᠯᠲᠠ ᠬᠢᠬᠦ ᠪᠠ ᠠᠯᠣᠰ ᠬᠡᠳᠦ ᠶᠢᠨ ᠦᠷᠬᠦᠯᠵᠢᠯᠡᠭᠦ᠋ᠢᠴᠡ ᠬᠦᠭᠵᠢᠯᠲᠡ ᠶᠢ | ᠣᠶᠠᠯᠳᠣᠭᠤᠯᠣᠨ᠂ ᠭᠠᠳᠠᠭᠰᠢ ᠲᠦᠰᠢᠭᠯᠡᠬᠦ ᠬᠡᠮᠵᠢᠶ᠎ᠡ ᠦᠨᠳᠦᠷ᠂ ᠬᠡᠷᠡᠭᠴᠡᠭᠡ ᠱᠠᠭᠠᠷᠳᠠᠯᠭ᠎ᠠ ᠶᠢᠨ ᠬᠡᠮᠵᠢᠶ᠎ᠡ ᠶᠡᠭᠡ | ᠠᠭᠤᠷᠬᠠᠢ ᠶᠢᠨ ᠲᠥᠷᠦᠯ ᠢ ᠰᠣᠩᠭᠤᠨ᠂ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢᠨ ᠲᠤᠰᠬᠠᠢ | ᠮᠡᠷᠭᠡᠵᠢᠯᠲᠡᠨ ᠢ ᠵᠣᠬᠢᠶᠠᠨ ᠪᠠᠶᠢᠭᠤᠯᠣᠨ ᠲᠣᠰᠬᠠᠢ ᠰᠣᠳᠣᠯᠭᠠᠨ ᠬᠢᠵᠦ᠂ ᠭᠠᠵᠠᠷ ᠰᠢᠨᠵᠢᠯᠡᠭᠡᠨ ᠤ ᠬᠠᠶᠢᠨ | ᠪᠠᠶᠢᠴᠠᠭᠠᠯᠲᠠ ᠶᠢᠨ ᠲᠦᠯᠦᠪᠯᠡᠭᠡ ᠶᠢ ᠲᠣᠭᠲᠠᠭᠠᠨ᠂ ᠠᠭᠤᠷᠬᠠᠢ ᠡᠷᠢᠬᠦ ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ | ᠪᠦᠬᠦ ᠬᠤᠰᠢᠭᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠦᠷᠬᠦᠯᠵᠢᠯᠡᠬᠦ᠋ᠢᠴᠡ ᠬᠦᠭᠵᠢᠯᠲᠡ ᠶᠢ | ᠠᠬᠢᠭᠤᠯᠬᠤ ᠬᠡᠷᠡᠭᠲᠡᠢ ᠭᠡᠪᠡ᠃ |