ᠵᠠᠷᠤᠳ ᠬᠤᠰᠢᠭᠤ᠄ ᠰᠤᠷᠭᠠᠨ ᠬᠥᠮᠦᠵᠢᠯ ᠪᠠ ᠦᠢᠯᠡᠴᠢᠯᠡᠭᠡ ᠬᠤᠤᠰ ᠴᠢᠭᠯᠡᠯ ᠢᠶᠠᠷ ᠬᠦᠴᠦᠯᠡᠵᠦ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠨᠠᠩ ᠣᠯᠠᠨ ᠡᠰᠢᠵᠢᠪᠡ
ᠨᠡᠶᠢᠲᠡᠯᠡᠭᠰᠡᠨ ᠴᠠᠭ᠄
2024/10/29
     ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠠᠵᠢᠯ ᠶᠠᠪᠤᠳᠠᠯ ᠭᠦᠢᠴᠡᠳᠭᠡᠬᠦ ᠶᠡᠭᠡ ᠲᠢᠩᠬᠢᠮ ᠳᠤ ︽ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠵᠢᠯᠣᠭᠤᠳᠬᠤ ᠲᠠᠰᠤᠭ︾ ᠤᠨ ᠣᠶᠤᠨᠴᠢ ᠨᠢᠭᠡ ᠴᠣᠭᠴᠠᠲᠤ ᠮᠠᠰᠢᠨ ᠲᠣᠬᠢᠷᠠᠭᠤᠯᠵᠤ᠂ ᠠᠵᠢᠯ ᠶᠠᠪᠤᠳᠠᠯ ᠭᠦᠢᠴᠡᠳᠭᠡᠬᠦ ᠠᠵᠤ ᠠᠬᠤᠶᠢᠯᠠᠯ ᠪᠠ ᠣᠯᠠᠨ ᠲᠦᠮᠡᠨ ᠤ ᠠᠵᠤ ᠠᠬᠤᠶᠢᠯᠠᠯ ᠤᠨ ᠢᠲᠡᠭᠡᠮᠵᠢ ᠶᠢᠨ ᠵᠡᠷᠭᠡ ᠲᠠᠰ ᠤᠨ ᠮᠡᠳᠡᠭᠡ ᠵᠠᠩᠭᠢ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ︽ᠬᠤᠶᠠᠷ ᠢ ᠢᠯᠡ ᠨᠡᠶᠢᠲᠡᠯᠡᠬᠦ︾᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠬᠠᠮᠢᠶ᠎ᠠ ᠪᠥᠬᠦᠶ ᠠᠭᠤᠯᠭ᠎ᠠ ᠶᠢ ᠪᠠᠶᠢᠴᠠᠭᠠᠨ ᠯᠠᠪᠯᠠᠬᠤ ᠳᠤ ᠬᠠᠩᠭᠠᠵᠤ᠂ ᠠᠵᠢᠯ ᠶᠠᠪᠤᠳᠠᠯ ᠭᠦᠢᠴᠡᠳᠭᠡᠬᠦ ᠠᠵᠤ ᠠᠬᠤᠶᠢᠯᠠᠯ ᠪᠠ ᠣᠯᠠᠨ ᠲᠦᠮᠡᠨ ᠤ ᠣᠷᠣᠯᠴᠠᠬᠤ ᠬᠡᠮᠵᠢᠶ᠎ᠡ ᠪᠠ ᠬᠠᠨᠤᠮᠵᠢᠲᠠᠶ ᠪᠠᠶᠢᠬᠤ ᠨᠣᠷᠮ᠎ᠠ ᠶᠢ ᠪᠦᠲᠦᠮᠵᠢᠲᠡᠶ ᠳᠡᠭᠡᠭᠰᠢᠯᠡᠭᠦᠯᠪᠡ᠃ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠦᠨᠡᠨᠴᠢ ᠢᠲᠡᠭᠡᠮᠵᠢ ᠶᠢᠨ ᠬᠥᠮᠦᠵᠢᠯ ᠢ ᠥᠷᠨᠢᠭᠦᠯᠵᠦ᠂ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢ ᠨᠢ ᠴᠢᠩᠭᠠᠷᠠᠭᠤᠯᠤᠨ᠂ ᠦᠨᠡᠨᠴᠢ ᠢᠲᠡᠭᠡᠮᠵᠢ ᠶᠢᠨ ᠦᠢᠯᠡᠴᠢᠯᠡᠭᠡᠨ ᠤ ᠣᠨᠣᠯᠵᠢᠬᠤᠨ ᠢ ᠪᠤᠢ ᠪᠣᠯᠭᠠᠪᠠ᠃ ᠡᠭᠦᠨ ᠤ ᠬᠠᠮᠲᠤ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠲᠤᠰᠬᠠᠶ ᠲᠣᠭᠤᠷᠢᠭ ᠢ ᠪᠦᠲᠦᠮᠵᠢᠲᠡᠶ ᠠᠰᠢᠭᠯᠠᠨ ᠦᠨᠡᠨᠴᠢ ᠢᠲᠡᠭᠡᠮᠵᠢᠲᠡᠶ ᠠᠵᠤ ᠠᠬᠤᠶᠢᠯᠠᠯ ᠳᠤ ︽ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ︾᠂ ︽ᠬᠡᠷ ᠲᠤᠨᠢ ᠬᠦᠷᠴᠦ ᠭᠦᠢᠴᠡᠳᠬᠡᠬᠦ︾᠂ ︽ᠪᠠᠷ᠎ᠠ ᠪᠣᠯᠵᠣ ᠭᠦᠢᠴᠡᠳᠬᠡᠬᠦ︾ ᠵᠡᠷᠭᠡ ᠣᠯᠠᠨ ᠶᠠᠩᠵᠤ ᠶᠢᠨ ᠦᠢᠯᠡᠴᠢᠯᠡᠭᠡ ᠥᠷᠨᠢᠭᠦᠯᠵᠦ᠂ ᠰᠠᠯᠠᠭ᠎ᠠ ᠮᠥᠴᠢᠷ ᠤᠨ ᠬᠠᠮᠲᠤᠷᠠᠨ ᠬᠢᠨᠠᠬᠤ ᠳᠤᠭᠤᠶᠢᠯᠠᠩ ᠪᠠᠶᠢᠭᠤᠯᠵᠤ᠂ ᠠᠵᠢᠯ ᠡᠬᠢᠯᠡᠭᠦᠯᠬᠦ᠂ ᠰᠢᠯᠭᠠᠨ ᠠᠪᠬᠤ ᠳᠤ ᠤᠷᠢᠳᠴᠢᠯᠠᠨ ᠣᠷᠣᠯᠴᠠᠬᠤ ᠵᠡᠷᠭᠡ ᠦᠢᠯᠡᠴᠢᠯᠡᠭᠡ ᠶᠢ ᠥᠷᠨᠢᠭᠦᠯᠵᠦ᠂ ᠲᠥᠷᠥᠯ ᠵᠦᠢᠯ ᠢ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠶᠢ ᠲᠦᠷᠭᠡᠳᠭᠡᠪᠡ᠃ ᠣᠲᠣ ᠪᠣᠯᠲᠠᠯ᠎ᠠ᠂ ᠨᠡᠶᠢᠲᠡ 37 ᠵᠦᠢᠯ ᠤᠨ ᠬᠢᠨᠠᠨ ᠵᠥᠪᠰᠢᠶᠡᠷᠡᠬᠦ ᠵᠦᠢᠯᠡᠰ ᠢ ︽ᠲᠠᠨ ᠢ ᠬᠠᠪᠰᠤᠷᠤᠨ ᠭᠦᠢᠴᠡᠳᠬᠡᠬᠦ ︾ ᠦᠢᠯᠡᠴᠢᠯᠡᠭᠡ ᠳᠤ ᠣᠷᠣᠭᠤᠯᠵᠤ᠂ ᠤᠷᠢᠳ ᠬᠤᠵᠢᠳ 44 ᠤᠳᠠᠭ᠎ᠠ ᠡᠯ᠎ᠡ ᠲᠥᠷᠥᠯ ᠤᠨ ᠠᠵᠤ ᠠᠬᠤᠶᠢᠯᠠᠯ ᠳᠤ ᠦᠢᠯᠡᠴᠢᠯᠡᠭᠡ ᠬᠠᠩᠭᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号