ᠯᠦᠪᠸᠢ ᠪᠠᠯᠭᠠᠰᠤ 2024 ᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠭᠰᠠᠨ ᠢ ᠰᠢᠯᠭᠠᠨ ᠠᠪᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/10/9
     10 ᠰᠠᠷ᠎ᠠ ᠶᠢᠨ 8 ᠤ ᠡᠳᠦᠷ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠵᠢᠯᠲᠠᠳ ᠢᠶᠠᠨ ᠵᠣᠬᠢᠶᠠᠨ ᠪᠠᠶᠢᠭᠤᠯᠵᠤ᠂ 2024 ᠣᠨ ᠤ ᠯᠦᠪᠸᠢ ᠪᠠᠯᠭᠠᠰᠤᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠭᠡᠭᠰᠡᠨ ᠡᠷᠦᠬᠡ ᠳᠤ ᠵᠢᠯ ᠤᠨ ᠡᠴᠦᠰ ᠤᠨ ᠰᠢᠯᠭᠠᠨ ᠠᠪᠬᠤ ᠠᠵᠢᠯ ᠢ ᠥᠷᠨᠢᠭᠦᠯᠪᠡ᠃ ᠰᠢᠯᠭᠠᠨ ᠠᠪᠬᠤ ᠶᠠᠪᠤᠴᠠ ᠳᠤ᠂ ᠠᠵᠢᠯᠲᠠᠳ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠥᠭᠡᠷᠡᠴᠢᠯᠡᠨ  ᠰᠢᠨᠡᠳᠭᠡᠭᠰᠡᠨ ᠡᠲᠡᠭᠡᠳ ᠤᠨ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠬᠢᠨᠠᠨ ᠪᠠᠶᠢᠴᠠᠭᠠᠵᠤ᠂ ᠰᠢᠨ᠎ᠡ ᠪᠠᠷ ᠪᠠᠶᠢᠭᠤᠯᠤᠭᠰᠠᠨ ᠬᠡᠷ ᠪᠠᠶᠢᠰᠢᠩ ᠤᠨ ᠪᠠᠷᠢᠯᠭ᠎ᠠ ᠶᠢᠨ ᠶᠠᠰᠤ ᠴᠢᠨᠠᠷ ᠢ ᠭᠦᠨᠵᠡᠭᠡᠶ ᠤᠶᠢᠯᠠᠭᠠᠨ᠂ ᠲᠠᠷᠢᠶᠠᠴᠢᠨ ᠡᠷᠦᠬᠡ ᠶᠢᠨ ᠬᠠᠨᠤᠮᠵᠢ ᠶᠢᠨ ᠬᠡᠮᠵᠢᠶ᠎ᠡ ᠶᠢ ᠯᠠᠪᠯᠠᠨ ᠠᠰᠠᠭᠤᠵᠤ᠂ ᠲᠠᠷᠢᠶᠠᠴᠢᠨ ᠡᠷᠦᠬᠡ ᠶᠢᠨ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠠᠵᠢᠯ ᠢ ᠪᠡᠶᠡᠯᠡᠭᠦᠯᠦᠭᠰᠡᠨ ᠲᠤᠭ᠎ᠠ ᠬᠡᠮᠵᠢᠶ᠎ᠡ ᠶᠢ ᠬᠠᠷᠭᠤᠭᠤᠯᠵᠤ᠂ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠲᠠᠷᠢᠶᠠᠴᠢᠨ ᠡᠷᠦᠬᠡ ᠶᠢᠨ ᠣᠷᠣᠨ ᠰᠠᠭᠤᠴᠠ ᠶᠢᠨ ᠠᠮᠤᠷ ᠲᠦᠪᠰᠢᠨ ᠢ ᠪᠣᠳᠠᠲᠠᠶᠢᠵᠢᠭᠤᠯᠵᠤ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ ᠣᠷᠣᠰᠢᠵᠤ ᠪᠠᠶᠢᠭ᠎ᠠ ᠠᠰᠠᠭᠤᠳᠠᠯ ᠵᠢᠴᠢ ᠣᠯᠠᠨ ᠲᠦᠮᠡᠨ ᠤ ᠬᠠᠷᠢᠭᠤ ᠲᠤᠰᠬᠠᠭᠰᠠᠨ ᠪᠠᠶᠢᠳᠠᠯ ᠢ ᠦᠨᠳᠦᠰᠦᠯᠡᠨ᠂ ᠴᠡᠭᠴᠡᠯᠡᠨ ᠰᠠᠶᠢᠵᠢᠷᠠᠭᠤᠯᠬᠤ ᠰᠠᠨᠠᠯ ᠢᠶᠠᠨ ᠴᠠᠭ ᠲᠤᠬᠠᠶ ᠳᠤᠨᠢ ᠳᠤᠷᠠᠳᠬᠤ ᠶᠢᠨ ᠬᠠᠮᠲᠤ ᠬᠠᠮᠢᠶ᠎ᠠ ᠪᠥᠬᠦᠶ ᠨᠢᠭᠡᠴᠡ ᠶᠢ ᠰᠢᠮᠳᠠᠭᠤᠯᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠤᠨ ᠶᠠᠰᠤ ᠴᠢᠨᠠᠷ ᠪᠠ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠪᠡ᠃      
微信图片_20241009091039.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号