ᠵᠠᠷᠤᠳ ᠬᠤᠰᠢᠭᠤ ᠲᠦᠷᠪᠡᠳᠦᠭᠡᠷ ᠤᠯᠠᠷᠢᠯ ᠤᠨ ᠠᠶᠤᠯᠬᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2024/11/13
    ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ 11 ᠰᠠᠷ᠎ᠠ ᠶᠢᠨ 12 ᠤᠨ ᠡᠳᠦᠷ᠂ ᠵᠠᠷᠤᠳ ᠬᠤᠰᠢᠭᠤ ᠳᠥᠷᠪᠡᠳᠦᠭᠡᠷ ᠤᠯᠠᠷᠢᠯ ᠤᠨ ᠠᠶᠤᠯᠭᠦᠶ ᠦᠶ᠋ᠯᠡᠳᠪᠦᠷᠢᠯᠡᠯ ᠤᠨ ᠠᠵᠢᠯ ᠤᠨ ᠬᠤᠷᠠᠯ ᠬᠢᠪᠡ᠃ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ ᠡᠷᠭᠢᠯᠡᠵᠦ᠂ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠡ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ᠂ ᠴᠠᠬᠢᠯᠭᠠᠨ ᠬᠠᠩᠭᠠᠬᠤ ᠺᠣᠮᠫᠠᠨᠢ᠂ ᠴᠢᠯᠠᠭᠤᠨ ᠲᠣᠰᠣᠨ ᠤ ᠺᠣᠮᠫᠠᠨᠢ᠂ ᠰᠢᠤᠳᠠᠨ ᠤ ᠬᠤᠪᠢᠶᠠᠷᠢ ᠺᠣᠮᠫᠠᠨᠢ᠂ ᠰᠢᠯᠵᠢᠮᠡᠯ ᠬᠤᠯᠪᠣᠭᠠᠨ ᠤ ᠺᠣᠮᠫᠠᠨᠢ᠂ ᠨᠢᠭᠡᠳᠦᠮᠡᠯ ᠬᠤᠯᠪᠣᠭ᠎ᠠ ᠶᠢᠨ ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ ᠂ ᠬᠤᠩᠬᠠᠲᠤ ᠠᠭᠤᠯᠠ ᠭᠠᠯᠲᠤ ᠲᠡᠷᠭᠡᠨ ᠤ ᠥᠷᠲᠡᠭᠡ ᠶᠢᠨ ᠭᠤᠤᠯ ᠤᠳᠤᠷᠢᠳᠤᠯᠭ᠎ᠠ ᠬᠤᠷᠠᠯ ᠳᠤ  ᠣᠷᠤᠯᠴᠠᠪᠠ᠃
1.jpg
    ᠬᠤᠷᠠᠯ ᠳᠡᠭᠡᠷ᠎ᠡ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠯᠢ ᠵᠢᠩ ᠬᠤᠸᠠ ᠨᠥᠬᠦᠷ ᠠᠴᠠ ︽︿ᠥᠪᠡᠷᠲᠡᠭᠡᠨ ᠵᠠᠰᠠᠬᠤ ᠣᠷᠣᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ 2024 ᠣᠨ ᠤ ᠠᠶᠢᠮᠠᠭ ᠬᠤᠲᠠ ᠶᠢᠨ ᠱᠠᠲᠤᠨ ᠤ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠬᠢᠨᠠᠨ ᠰᠢᠯᠭᠠᠬᠤ ᠭᠤᠤᠯᠳᠠᠯᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠶ ᠲᠦᠩᠯᠢᠶᠣᠣ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠡᠭᠦᠨ ᠤ ᠳᠣᠲᠣᠷᠠᠬᠢ 9 ᠲᠠᠯ᠎ᠠ ᠶᠢᠨ 39 ᠵᠦᠢᠯ ᠤᠨ ᠪᠣᠳᠠᠲᠠᠶ ᠠᠭᠤᠯᠭ᠎ᠠ ᠳᠤ ᠭᠦᠨᠵᠡᠭᠡᠶ ᠵᠠᠳᠠᠯᠤᠯᠲᠠ ᠬᠢᠬᠦ ᠶᠢᠨ ᠬᠠᠮᠲᠤ ᠮᠠᠨ ᠤ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠠᠬᠢᠴᠠ ᠶᠢᠨ ᠪᠠᠶᠢᠳᠠᠯ ᠢ ᠮᠡᠳᠡᠭᠳᠡᠪᠡ᠃    ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠳᠡᠳ᠋ ᠡᠷᠬᠢᠯᠡᠭᠴᠢ ᠮᠦ ᠲᠢᠶᠧ ᠮᠢᠨ ᠨᠥᠬᠦᠷ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠲᠠᠪᠤᠨ ᠱᠠᠭᠠᠷᠳᠠᠯᠭ᠎ᠠ ᠳᠤᠷᠠᠳᠪᠠ᠄ ᠨᠢᠭᠡ ᠳᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ  ᠭᠦᠨᠵᠡᠭᠡᠶᠢᠷᠡᠭᠦᠯᠬᠦ  ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ  ᠰᠤᠷᠤᠯᠴᠠᠵᠤ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠢ᠃ ᠬᠤᠶᠠᠷ ᠲᠤ᠂ ᠭᠤᠤᠯᠳᠠᠯᠭ᠎ᠠ ᠲᠠᠢ ᠠᠵᠢᠯ ᠲᠥᠷᠥᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠳᠤ ᠴᠢᠬᠤᠯᠠ ᠪᠠᠶᠢᠷᠢᠯᠠᠭᠤᠯᠤᠯᠲᠠ ᠬᠢᠬᠦ ᠬᠡᠷᠡᠭᠲᠡᠶ᠃ ᠭᠤᠷᠪᠠ ᠳᠤ᠂ ᠲᠣᠭᠲᠠᠭᠠᠯ ᠢ ᠴᠢᠩᠭ᠎ᠠ ᠵᠢᠷᠤᠮᠯᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠢ ᠴᠠᠭ ᠲᠤᠬᠠᠶ ᠳᠤ ᠨᠢ ᠢᠯᠡ ᠪᠣᠯᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠢᠴᠢᠭ ᠬᠠᠷ᠎ᠠ ᠶᠢᠨ ᠵᠢᠷᠤᠮᠵᠢᠯ ᠲᠠᠢ᠂ ᠦᠰᠦᠭ ᠪᠢᠴᠢᠭ ᠤᠨ ᠲᠡᠮᠳᠡᠭᠯᠡᠯ ᠨᠢ ᠪᠦᠷᠢᠨ ᠪᠦᠲᠦᠨ ᠪᠠᠶᠢᠵᠤ᠂ ᠬᠠᠤᠯᠢ ᠬᠡᠷᠡᠭᠵᠢᠭᠦᠯᠬᠦ ᠪᠥᠬᠦ ᠶᠠᠪᠤᠴᠠ ᠳᠤ ᠣᠷᠣᠮ ᠦᠯᠡᠳᠡᠭᠡᠬᠦ ᠪᠠ ᠡᠭᠡᠭᠦᠯᠦᠨ ᠨᠡᠬᠡᠮᠵᠢᠯᠡᠵᠦ ᠪᠣᠯᠬᠤ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠢ᠃ ᠲᠦᠷᠪᠡ ᠳᠤ᠂ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ᠡᠯ᠎ᠡ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠦᠯᠲᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠵᠠᠩᠭᠢᠯᠠᠭ᠎ᠠ ᠶᠢᠨ ᠬᠡᠰᠡᠭ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠠᠤᠯᠢ ᠲᠣᠭᠲᠠᠭᠠᠯ ᠶᠣᠰᠣᠭᠠᠷ᠂ ᠠᠶᠤᠯᠭᠦᠢ ᠦᠢᠯᠡᠳᠪᠦᠷᠢᠯᠡᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠪᠠᠶᠢᠴᠠᠭᠠᠯᠲᠠ ᠬᠢᠵᠦ ᠴᠢᠩᠭ᠎ᠠ ᠴᠣᠬᠢᠯᠲᠠ ᠥᠭᠬᠦ ᠬᠡᠷᠡᠭᠲᠡᠢ᠃ ᠲᠠᠪᠤ ᠳᠤ᠂ ᠬᠢᠨᠠᠯᠲᠠ ᠲᠠᠯᠪᠢᠵᠤ ᠪᠠᠶᠢᠴᠠᠭᠠᠬᠤ ᠪᠠ ᠤᠬᠠᠭᠤᠯᠭ᠎ᠠ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠪᠥᠬᠦ ᠬᠤᠰᠢᠭᠤᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠢ ᠰᠡᠷᠭᠡᠶᠢᠯᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ  ᠴᠤᠭᠴᠠᠯᠠᠬᠤ ᠬᠡᠷᠡᠭᠲᠡᠢ ᠭᠡᠪᠡ᠃    
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号