| 11 ᠰᠠᠷ᠎ᠠ ᠶᠢᠨ 12 ᠤᠨ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠤᠤ ᠶᠠᠨ | ᠵᠢᠶᠦ᠋ᠨ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠢᠵᠦ᠂ ᠵᠠᠬᠠᠨᠠᠭᠤᠷ ᠤᠨ ᠠᠵᠤ ᠦᠢᠯᠡᠰ ᠤᠨ | ᠲᠣᠭᠤᠷᠢᠭ ᠤᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠠᠵᠢᠯ ᠢ ᠰᠤᠳᠤᠯᠪᠠ᠃ ᠬᠤᠰᠢᠭᠤᠨ ᠤ | ᠤᠳᠤᠷᠢᠳᠤᠯᠭ᠎ᠠ ᠪᠠᠲᠤ᠂ ᠮᠦ ᠲᠢᠶᠧ ᠮᠢᠨ᠂ ᠭᠦᠸᠧ ᠶᠠ ᠹᠧᠩ᠂ ᠢᠦᠢ ᠬᠠᠢ ᠪᠦᠦ᠂ ᠼᠦᠢ ᠯᠸᠢ ᠯᠸᠢ᠂ ᠵᠠᠩ ᠯᠢ | ᠭᠦᠸᠧ᠂ ᠸᠠᠩ ᠡᡁᠧ᠂ ᠪᠥᠸᠧ ᠱᠢ ᠶᠤᠸᠠᠨ ᠪᠣᠯᠤᠨ ᠤᠯᠤᠰ ᠤᠨ ᠴᠠᠬᠢᠯᠭᠠᠨ ᠲᠣᠣᠷ ᠤᠨ ᠲᠦᠩᠯᠢᠶᠣᠤ ᠶᠢᠨ | ᠴᠠᠬᠢᠯᠭᠠᠨ ᠬᠠᠩᠭᠠᠬᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠶᠤᠸᠠᠨ ᠽᠠᠢ ᠵᠢᠢ ᠵᠢᠴᠢ ᠬᠤᠰᠢᠭᠤᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠵᠠᠬᠠᠨᠠᠭᠤᠷ ᠤᠨ ᠠᠵᠤ ᠦᠢᠯᠡᠰ ᠤᠨ ᠲᠣᠭᠤᠷᠢᠭ ᠤᠨ ᠲᠥᠯᠥᠪᠵᠢᠭᠦᠯᠭᠡ ᠪᠦᠳᠦᠭᠡᠨ | ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠷᠠᠯ ᠳᠤ ᠣᠷᠣᠯᠴᠠᠭᠰᠠᠨ | ᠤᠳᠤᠷᠢᠳᠤᠯᠭ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠣᠳᠠᠲᠠᠢ ᠠᠰᠠᠭᠤᠳᠠᠯ ᠢ | ᠰᠢᠢᠳᠪᠦᠷᠢᠯᠡᠬᠦ ᠰᠡᠳᠬᠢᠴᠡ ᠵᠢᠴᠢ ᠰᠠᠨᠠᠯ ᠰᠠᠨᠠᠭᠤᠯᠭ᠎ᠠ ᠳᠣᠷᠠᠳᠪᠠ᠃ ᠱᠤᠤ ᠶᠠᠨ ᠵᠢᠶᠦ᠋ᠨ ᠰᠣᠨᠣᠰᠬᠤ ᠶᠢᠨ ᠳᠠᠭᠠᠤ | ᠲᠡᠮᠳᠡᠭᠯᠡᠵᠦ᠂ ᠪᠠᠶᠢᠨ ᠪᠠᠶᠢᠨ ᠤᠯᠠᠨ ᠲᠠᠢ ᠰᠠᠨᠠᠯ ᠢᠶᠠᠨ ᠰᠣᠯᠢᠯᠴᠠᠨ ᠶᠠᠷᠢᠯᠴᠠᠵᠤ᠂ ᠰᠠᠨᠠᠯ ᠰᠠᠨᠠᠭᠤᠯᠭ᠎ᠠ ᠪᠠᠨ | ᠰᠣᠯᠢᠯᠴᠠᠪᠠ᠃ ᠲᠡᠷᠡ ᠬᠡᠯᠡᠭᠰᠡᠨ ᠨᠢ᠂ ᠠᠵᠤ ᠦᠢᠯᠡᠳᠪᠦᠷᠢ ᠪᠣᠯ ᠵᠠᠷᠤᠳ ᠬᠤᠰᠢᠭᠤᠨ ᠤ ᠠᠵᠤ ᠠᠬᠤᠢ ᠶᠢᠨ ᠴᠢᠨᠠᠷ | ᠰᠠᠶᠢᠲᠠᠶ ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠪᠠ ᠬᠦᠴᠦᠲᠦ ᠬᠥᠳᠡᠯᠭᠡᠭᠦᠷ ᠮᠥᠨ᠂ ᠵᠠᠬᠠᠨᠠᠭᠤᠷ ᠤᠨ ᠠᠵᠤ | ᠦᠢᠯᠡᠰ ᠤᠨ ᠲᠣᠭᠤᠷᠢᠭ ᠢ ᠲᠥᠯᠥᠪᠵᠢᠭᠦᠯᠦᠨ ᠪᠥᠲᠥᠭᠡᠨ ᠪᠠᠶᠢᠭᠤᠯᠬᠤ ᠶᠢ ᠪᠥᠬᠦ ᠬᠤᠰᠢᠭᠤᠨ ᠤ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠳᠤ ᠲᠠᠯᠪᠢᠨ ᠬᠢᠨᠠᠨ ᠦᠵᠡᠵᠦ᠂ ᠣᠳᠣᠬᠠᠨ ᠤ ᠬᠡᠷᠡᠭᠴᠡᠭᠡ ᠶᠢ | ᠬᠠᠩᠭᠠᠬᠤ ᠪᠠᠷ ᠪᠠᠷᠠᠬᠤ ᠥᠬᠡᠶ ᠪᠠᠰᠠ ᠢᠷᠡᠭᠡᠳᠦᠶ ᠶᠢᠨ ᠬᠥᠭᠵᠢᠯᠲᠡ ᠶᠢᠨ ᠣᠷᠣᠨ ᠵᠠᠶ ᠶᠢ ᠭᠦᠢᠴᠡᠳ ᠦᠯᠡᠳᠡᠭᠡᠵᠦ᠂ | ᠬᠥᠭᠵᠢᠯᠲᠡ ᠶᠢᠨ ᠬᠠᠷᠠᠯᠲᠠ ᠪᠠ ᠴᠢᠷᠮᠠᠶᠢᠬᠤ ᠴᠢᠭᠯᠡᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠠᠵᠤ ᠦᠢᠯᠡᠰ | ᠤᠨ ᠲᠣᠭᠤᠷᠢᠭ ᠤᠨ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠬᠦ᠂ ᠴᠢᠨᠠᠷ ᠰᠠᠶᠢᠲᠠᠶ ᠪᠥᠲᠥᠭᠡᠨ ᠪᠠᠶᠢᠭᠤᠯᠬᠤ᠂ ᠴᠢᠨᠠᠷ | ᠰᠠᠶᠢᠲᠠᠶ ᠬᠥᠭᠵᠢᠭᠦᠯᠬᠦ ᠶᠢ ᠠᠬᠢᠭᠤᠯᠬᠤ ᠬᠡᠷᠡᠭᠲᠡᠶ ᠭᠡᠪᠡ᠃ | ᠱᠤᠤ ᠶᠠᠨ ᠵᠢᠶᠦ᠋ᠨ ᠬᠡᠯᠡᠭᠰᠡᠨ ᠨᠢ᠂ ᠠᠯᠤᠰ ᠬᠡᠳᠤ ᠶᠢᠨ ᠪᠣᠳᠣᠯᠬᠢᠯᠠᠯ ᠬᠢᠵᠦ᠂ ᠰᠢᠰᠲ᠋ᠧᠮ ᠲᠠᠢ | ᠲᠥᠯᠥᠪᠵᠢᠭᠦᠯᠵᠦ᠂ ᠠᠵᠤ ᠦᠢᠯᠡᠰ ᠤᠨ ᠲᠣᠭᠤᠷᠢᠭ ᠤᠨ ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ ᠶᠢᠨ | ᠠᠭᠤᠯᠭ᠎ᠠ ᠶᠢ ᠰᠢᠨᠵᠢᠯᠡᠬᠦ ᠤᠬᠠᠭᠠᠨᠴᠢ ᠪᠠᠷ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠲᠥᠯᠥᠪᠵᠢᠭᠦᠯᠭᠡ ᠶᠢᠨ | ᠬᠡᠷᠡᠭᠵᠢᠭᠦᠯᠵᠦ ᠪᠣᠯᠬᠤᠶᠢᠴᠠ ᠴᠢᠨᠠᠷ ᠪᠣᠯᠤᠨ ᠬᠡᠷᠡᠭᠵᠢᠭᠦᠯᠬᠦ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠠᠵᠤ | ᠦᠢᠯᠡᠰ ᠤᠨ ᠲᠣᠭᠤᠷᠢᠭ ᠤᠨ ᠠᠯᠤᠰ ᠬᠡᠳᠤ ᠶᠢᠨ ᠬᠥᠭᠵᠢᠯᠲᠡ ᠳᠤ ᠬᠦᠳᠦᠯᠦᠨ ᠳᠠᠭᠠᠭᠤᠯᠬᠤ ᠲᠤᠯᠭᠠᠭᠤᠷᠢᠯᠠᠯ | ᠬᠠᠩᠭᠠᠵᠤ᠂ ᠭᠦᠢᠴᠡᠳ ᠣᠷᠣᠨ ᠵᠠᠢ ᠦᠯᠡᠳᠡᠭᠡᠬᠦ ᠬᠡᠷᠡᠭᠲᠡᠢ᠃ ᠲᠣᠭᠤᠷᠢᠭ ᠤᠨ ᠠᠵᠤ ᠦᠢᠯᠡᠰ ᠤᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠥᠩᠭᠡᠨᠴᠠᠭᠠᠨ ᠤ ᠢᠰᠦᠯ᠂ ᠬᠦᠩᠭᠡᠨᠴᠠᠭᠠᠨ ᠤ ᠤᠰᠤ ᠶᠢ ᠨᠠᠷᠢᠯᠢᠭ | ᠡᠳ᠋ᠰᠢᠭᠦᠯᠬᠦ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠬᠤ ᠶᠢ ᠪᠠᠷᠢᠮᠲᠠᠯᠠᠵᠤ᠂ ᠠᠵᠤ ᠦᠢᠯᠡᠰ ᠢ ᠲᠥᠪᠯᠡᠷᠡᠭᠦᠯᠬᠦ | ᠂ ᠬᠥᠭᠵᠢᠯᠲᠡ ᠶᠢ ᠡᠷᠴᠢᠮᠵᠢᠭᠦᠯᠬᠦ᠂ ᠴᠢᠳᠠᠮᠵᠢ ᠶᠢ ᠲᠥᠪᠯᠡᠷᠡᠭᠦᠯᠬᠦ ᠵᠠᠷᠴᠢᠮ ᠶᠣᠰᠣᠭᠠᠷ᠂ ᠠᠯᠤᠰ ᠢᠷᠡᠭᠡᠳᠦᠢ ᠰᠠᠶᠢᠨ᠂ | ᠦᠷ᠎ᠡ ᠠᠰᠢᠭ ᠥᠨᠳᠥᠷ᠂ ᠬᠤᠯᠪᠣᠭᠳᠠᠬᠤ ᠴᠢᠨᠠᠷ ᠢᠶᠠᠷ ᠴᠢᠩᠭ᠎ᠠ ᠰᠠᠶᠢᠨ ᠲᠦᠷᠦᠯ ᠵᠦᠢᠯ᠂ ᠲᠤᠮᠤ ᠲᠦᠷᠦᠯ ᠵᠦᠢᠯ ᠢ | ᠨᠠᠷᠢᠨ ᠨᠢᠮᠪᠠᠢ ᠰᠢᠯᠢᠨ ᠰᠣᠩᠭᠤᠵᠤ᠂ ᠤᠰᠤ ᠬᠠᠩᠭᠠᠬᠤ ᠤᠰᠤ ᠵᠠᠯᠠᠬᠤ᠂ ᠴᠠᠬᠢᠯᠭᠠᠨ ᠬᠦᠴᠦ᠂ ᠪᠠᠶᠢᠭᠠᠯᠢ ᠶᠢᠨ | ᠰᠢᠲᠠᠮᠠᠬᠠᠢ ᠬᠡᠢ᠂ ᠳᠤᠯᠠᠭᠠᠯᠠᠭ᠎ᠠ ᠪᠠ ᠵᠠᠮ ᠵᠡᠷᠭᠡ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢ ᠥᠨᠳᠥᠷ | ᠪᠠᠷᠢᠮᠵᠢᠶ᠎ᠠ ᠪᠠᠷ ᠰᠠᠶᠢᠲᠤᠷ ᠲᠤᠬᠢᠷᠠᠭᠤᠯᠵᠤ᠂ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠳᠤ ᠪᠠᠲᠤᠯᠠᠭ᠎ᠠ | ᠬᠠᠩᠭᠠᠬᠤ ᠬᠡᠷᠡᠭᠲᠡᠢ᠃ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠡᠭᠦᠷᠭᠡ | ᠬᠠᠷᠢᠭᠤᠴᠠᠯᠭ᠎ᠠ ᠶᠢᠨ ᠬᠦᠷᠢᠶ᠎ᠡ ᠬᠡᠪᠴᠢᠶ᠎ᠡ ᠪᠠᠨ ᠲᠣᠳᠣᠷᠬᠠᠶ ᠪᠣᠯᠭᠠᠵᠤ᠂ ᠲᠣᠭᠤᠷᠢᠭ ᠤᠨ ᠪᠠᠶᠢᠷᠢ ᠲᠣᠭᠲᠠᠭᠠᠯᠲᠠ ᠶᠢ | ᠲᠣᠳᠣᠷᠬᠠᠶᠢᠯᠠᠵᠤ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠴᠢᠩᠭᠠᠳᠬᠠᠵᠤ᠂ ᠭᠤᠤᠯ ᠤᠳᠤᠷᠢᠳᠤᠯᠭ᠎ᠠ | ᠪᠡᠶ᠎ᠡ ᠪᠠᠷ ᠢᠶᠠᠨ ᠠᠳᠬᠤᠵᠤ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠬᠢᠨ ᠬᠠᠮᠲᠤᠷᠠᠨ ᠬᠠᠮᠵᠢᠯᠴᠠᠵᠤ᠂ | ᠵᠣᠷᠢᠭ ᠰᠢᠭᠤᠳᠴᠤ᠂ ᠬᠦᠴᠦᠨ ᠢᠶᠠᠨ ᠡᠷᠴᠢᠯᠡᠵᠦ᠂ ᠲᠥᠷᠥᠯ ᠵᠦᠢᠯ ᠤᠨ ᠭᠠᠷᠳᠠᠮ ᠢ ᠭᠦᠢᠴᠡᠳᠭᠡᠬᠦ᠂ ᠠᠵᠤ | ᠠᠬᠤᠶᠢᠯᠠᠯ ᠤᠨ ᠭᠠᠵᠠᠷ ᠬᠡᠷᠡᠭᠯᠡᠬᠦ᠂ ᠤᠰᠤᠨ ᠤ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ᠂ ᠤᠰᠤᠨ ᠤ ᠡᠬᠢ | ᠰᠤᠷᠪᠤᠯᠵᠢ ᠶᠢᠨ ᠭᠠᠵᠠᠷ ᠢ ᠬᠠᠮᠠᠭᠠᠯᠠᠬᠤ ᠵᠢᠴᠢ ᠦᠨᠳᠦᠷ ᠬᠦᠴᠦᠳᠡᠯᠲᠦ ᠴᠠᠬᠢᠯᠭᠠᠨ ᠱᠤᠭᠤᠮ ᠪᠠ ᠳᠣᠣᠷ᠎ᠠ | ᠬᠦᠴᠦᠳᠡᠯᠲᠦ ᠴᠠᠬᠢᠯᠭᠠᠨ ᠱᠤᠭᠤᠮ᠂ ᠳᠣᠬᠢᠶᠠᠨ ᠰᠤᠪᠤᠷᠭ᠎ᠠ ᠶᠢᠨ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠢ | ᠡᠵᠡᠯᠡᠨ ᠬᠡᠷᠡᠭᠯᠡᠬᠦ ᠵᠡᠷᠭᠡ ᠲᠣᠭᠤᠷᠢᠭ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠡᠤᠬᠡᠨ ᠠᠴᠠ ᠦᠯᠡᠳᠡᠭᠳᠡᠵᠦ | ᠢᠷᠡᠭᠰᠡᠨ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠵᠦ᠂ ᠵᠠᠬᠠᠨᠠᠭᠤᠷ ᠤᠨ ᠠᠵᠤ ᠦᠢᠯᠡᠰ ᠤᠨ ᠲᠣᠭᠤᠷᠢᠭ ᠤᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠪᠡ᠃ |