11 ᠰᠠᠷ᠎ᠠ ᠶᠢᠨ 13 ᠤ ᠡᠳᠦᠷ ᠰᠢᠶᠠᠩᠱᠠᠨ ᠲᠠᠷᠢᠶᠠᠯᠠᠩ ᠤᠨ ᠲᠠᠯᠠᠪᠠᠢ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠢ ᠶᠡᠬᠡᠪᠡᠷ ᠴᠡᠭᠴᠡᠯᠡᠨ ᠵᠠᠰᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠨᠠᠮ ᠤᠨ ᠭᠡᠰᠢᠭᠦᠨ ᠺᠠᠳ᠋ᠷ ᠪᠣᠯᠤᠨ ᠰᠠᠶᠢᠨ ᠳᠤᠷ᠎ᠠ ᠶᠢᠨ ᠦᠢᠯᠡᠴᠢᠯᠡᠭᠴᠢᠳ ᠲᠡᠮᠦᠷ | ᠬᠤᠰᠤᠭᠤᠷ᠂ ᠱᠦᠭᠦᠷ ᠵᠡᠷᠭᠡ ᠪᠠᠭᠠᠵᠢ ᠬᠡᠷᠡᠭᠰᠡᠯ ᠢᠶᠠᠨ ᠠᠪᠴᠤ᠂ ᠠᠵᠢᠯ ᠤᠨ ᠬᠤᠪᠢᠶᠠᠷᠢᠯᠠᠯ ᠲᠣᠳᠣᠷᠬᠠᠢ᠂ ᠥᠨᠴᠥᠭ | ᠪᠤᠯᠤᠩ ᠪᠦᠬᠦᠨ ᠢ ᠦᠯᠡᠳᠡᠭᠡᠯ ᠦᠭᠡᠢ ᠴᠡᠪᠡᠷᠯᠡᠬᠦ ᠶᠢᠨ ᠬᠠᠮᠲᠤ ᠬᠤᠭ ᠨᠤᠪᠰᠢ ᠶᠢ ᠨᠢᠭᠡᠳᠦᠯᠲᠡᠢ ᠲᠡᠭᠡᠭᠡᠪᠡ᠃ | ᠡᠭᠦᠨ ᠤ ᠬᠠᠮᠲᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠠᠵᠢᠯᠲᠠᠨ ᠠᠵᠢᠯᠴᠢᠨ ᠣᠯᠠᠨ ᠲᠦᠮᠡᠨ ᠢ ᠥᠪᠡᠷ ᠤᠨ | ᠣᠷᠣᠨ ᠰᠠᠭᠤᠴᠠ ᠶᠢᠨ ᠣᠷᠴᠢᠨ ᠲᠣᠭᠤᠷᠢᠨ ᠢᠶᠠᠨ ᠬᠠᠶᠢᠷᠠᠯᠠᠨ ᠬᠠᠮᠠᠭᠠᠯᠠᠵᠤ᠂ ᠣᠯᠠᠨ ᠨᠡᠶᠢᠲᠡ ᠶᠢᠨ ᠣᠷᠣᠨ | ᠪᠦᠰᠡ ᠳᠤ ᠣᠪᠣᠭᠠᠯᠠᠵᠤ ᠲᠠᠯᠪᠢᠭᠰᠠᠨ ᠡᠯᠳᠡᠪ ᠪᠣᠳᠠᠰ ᠢ ᠴᠠᠭ ᠲᠤᠬᠠᠶ ᠳᠤᠨᠢ ᠰᠢᠢᠳᠪᠦᠷᠢᠯᠡᠵᠦ᠂ ᠣᠷᠴᠢᠨ | ᠲᠣᠭᠤᠷᠢᠨ ᠤ ᠠᠷᠢᠭᠤᠨ ᠴᠡᠪᠡᠷ ᠢ ᠪᠠᠲᠤᠯᠠᠬᠤ ᠰᠠᠶᠢᠨ ᠳᠠᠳᠬᠠᠯ ᠲᠠᠢ ᠪᠣᠯᠵᠤ᠂ ᠬᠠᠷᠢᠶ᠎ᠠ ᠣᠷᠣᠨ ᠤ ᠠᠵᠢᠯᠲᠠᠨ | ᠠᠵᠢᠯᠴᠢᠨ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠪᠠ ᠠᠮᠢᠳᠤᠷᠠᠯ ᠤᠨ ᠴᠢᠨᠠᠷ ᠴᠢᠨᠰᠠᠭ᠎ᠠ ᠶᠢ | ᠬᠠᠮᠲᠤ ᠪᠠᠷ ᠳᠡᠭᠡᠭᠰᠢᠯᠡᠭᠦᠯᠬᠦ ᠶᠢ ᠤᠷᠢᠶᠠᠯᠠᠪᠠ᠃ | | |