11 ᠰᠠᠷ᠎ᠠ ᠶᠢᠨ 13 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠤᠤ ᠶᠠᠨ ᠵᠢᠶᠦ᠋ᠨ | ᠪᠦᠯᠬᠦᠮ ᠳᠠᠭᠠᠭᠤᠯᠤᠨ ᠯᠦᠪᠸᠢ ᠪᠠᠯᠭᠠᠰᠤ᠂ ᠲᠤᠯᠤᠳᠤ ᠰᠤᠮᠤ᠂ ᠴᠢᠪᠠᠭᠠᠳᠤ ᠰᠤᠮᠤ ᠵᠡᠷᠭᠡ ᠭᠠᠵᠠᠷ ᠢᠶᠠᠷ | ᠭᠦᠨᠵᠡᠭᠡᠶᠢᠷᠡᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠢ | ᠪᠠᠶᠢᠴᠠᠭᠠᠨ ᠰᠤᠳᠤᠯᠪᠠ᠃ ᠬᠤᠰᠢᠭᠤᠨ ᠤ ᠤᠳᠤᠷᠢᠳᠤᠯᠭ᠎ᠠ ᠶᠠᠩ ᠽᠢ ᠴᠢᠶᠠᠩ᠂ ᠰᠦᠸᠧ ᠮᠢᠩ ᠢᠦᠶ᠂ ᠭᠦᠸᠧ ᠶᠠ | ᠹᠧᠩ᠂ ᠼᠦᠢ ᠯᠸᠢ ᠯᠸᠢ ᠵᠢᠴᠢ ᠬᠤᠰᠢᠭᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | | | | ᠱᠤᠤ ᠶᠠᠨ ᠵᠢᠶᠦ᠋ᠨ ᠬᠠᠮᠲᠤ ᠶᠠᠪᠣᠭᠰᠠᠳ ᠲᠠᠢ ᠪᠠᠨ ᠤᠷᠢᠳ ᠬᠤᠵᠢᠳ ᠬᠠᠮᠲᠤ ᠶᠢᠨ ᠠᠵᠤ ᠠᠬᠤᠢ ᠶᠢᠨ | ᠲᠡᠵᠢᠭᠡᠪᠤᠷᠢ ᠶᠢᠨ ᠬᠤᠷᠰᠢᠶ᠎ᠠ ︵ᠭᠤᠷᠪᠠᠨ ᠲᠣᠰᠬᠤᠨ ᠬᠤᠯᠪᠣᠭᠠᠯᠠᠨ ᠪᠠᠶᠢᠭᠤᠯᠬᠤ︶ ᠶᠢᠨ ᠲᠦᠷᠦᠯ ᠵᠦᠢᠯ᠂ ᠳᠤᠮᠳᠠ | ᠬᠡᠰᠡᠭ ᠤᠨ ᠲᠠᠷᠢᠶᠠᠯᠠᠬᠤ ᠣᠷᠣᠨ ᠤ ᠮᠠᠯ ᠠᠵᠤ ᠠᠬᠤᠢ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠣᠷᠣᠨ ᠤ | ᠲᠦᠷᠦᠯ ᠵᠦᠢᠯ᠂ ᠲᠦᠬᠦᠭᠡᠷᠦᠮᠵᠢᠲᠦ ᠲᠠᠷᠢᠶᠠᠯᠠᠩ ︵ᠭᠤᠷᠪᠠᠨ ᠲᠣᠰᠬᠤᠨ ᠬᠤᠯᠪᠣᠭᠠᠯᠠᠨ ᠪᠠᠶᠢᠭᠤᠯᠬᠤ︾ ᠲᠦᠷᠦᠯ | ᠵᠦᠢᠯ᠂ ᠵᠠᠷᠤᠳ ᠬᠤᠰᠢᠭᠤᠨ ᠤ ᠳ᠋ᠧ ᠶᠢᠩ ᠮᠠᠯ ᠠᠵᠤ ᠠᠬᠤᠢ ᠲᠡᠵᠢᠭᠡᠨ ᠦᠷᠡᠵᠢᠭᠦᠯᠬᠦ ᠲᠠᠯᠠᠪᠠᠢ ᠶᠢᠨ ᠲᠦᠷᠦᠯ | ᠵᠦᠢᠯ᠂ ᠭᠤᠷᠪᠠᠨ ᠤᠮᠠᠷᠠᠲᠤ ᠶᠢᠨ ᠢᠨᠵᠧᠨᠧᠷᠢᠩ ᠤᠨ ᠤᠢ ᠰᠢᠭᠤᠢ ᠡᠪᠡᠰᠦ ᠪᠡᠯᠴᠢᠭᠡᠷ ᠨᠤᠭᠤ ᠭᠠᠵᠠᠷ ᠢ ᠨᠢᠭᠡ | ᠴᠤᠭᠴᠠᠵᠢᠭᠤᠯᠤᠨ ᠬᠠᠮᠠᠭᠠᠯᠠᠨ ᠰᠡᠷᠭᠦᠭᠡᠬᠦ ᠲᠦᠷᠦᠯ ᠵᠦᠢᠯ᠂ ᠠᠷᠪᠠᠨ ᠲᠦᠮᠡᠨ ᠮᠦ ᠬᠥᠮᠦᠨ ᠤ ᠬᠦᠴᠦ ᠪᠠᠷ ᠡᠪᠡᠰᠦ | ᠲᠠᠷᠢᠬᠤ ᠰᠠᠭᠤᠷᠢᠨ ᠭᠠᠵᠠᠷ ᠤᠨ ᠲᠦᠷᠦᠯ ᠵᠦᠢᠯ ᠵᠢᠴᠢ ᠨᠠᠩᠭᠢ ᠡᠷᠳᠡᠨᠢ ᠰᠢᠰᠢ ᠶᠢᠨ ᠬᠤᠶᠠᠳᠤᠭᠠᠷ ᠬᠤᠭᠤᠴᠠᠭᠠᠨ ᠤ | ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠤᠢ | ᠲᠠᠯᠠᠪᠠᠢ ᠳᠤ ᠬᠦᠷᠴᠦ᠂ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠲᠦᠷᠦᠯ ᠵᠦᠢᠯ ᠤᠨ ᠬᠠᠷᠢᠭᠤᠴᠠᠯᠭᠠᠲᠠᠨ ᠤ | ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ | ᠬᠤᠯᠪᠣᠭᠳᠠᠯ ᠪᠦᠬᠦᠢ ᠪᠠᠶᠢᠳᠠᠯ ᠢ ᠠᠬᠤᠢ ᠭᠠᠵᠠᠷ ᠲᠤᠨᠢ ᠣᠶᠢᠯᠠᠭᠠᠬᠤ ᠶᠢᠨ ᠬᠠᠮᠲᠤ ᠲᠦᠷᠦᠯ ᠵᠦᠢᠯ ᠤᠨ ᠰᠡᠳᠬᠢᠴᠡ᠂ | ᠨᠥᠭᠡᠴᠡᠯᠡᠯᠲᠡ ᠶᠢᠨ ᠪᠠᠶᠢᠳᠠᠯ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠵᠢᠴᠢ ᠭᠤᠤᠯᠳᠠᠯᠭ᠎ᠠ ᠲᠠᠢ ᠵᠤᠶᠢᠯ ᠤᠨ | ᠪᠠᠲᠤᠯᠠᠭ᠎ᠠ ᠵᠡᠷᠭᠡ ᠲᠠᠯ᠎ᠠ ᠪᠠᠷ ᠬᠤᠯᠪᠣᠭᠳᠠᠯ ᠪᠦᠬᠦᠢ ᠡᠭᠦᠷᠭᠡ ᠴᠢᠳᠠᠪᠬᠢᠳᠦ ᠰᠠᠯᠠᠭ᠎ᠠ ᠮᠥᠴᠢᠷ ᠲᠠᠢ ᠭᠦᠨᠵᠡᠭᠡᠢ | ᠶᠠᠷᠢᠯᠴᠠᠨ ᠵᠠᠳᠠᠯᠤᠯᠲᠠ ᠬᠢᠪᠡ᠃ | | | | | ᠱᠤᠤ ᠶᠠᠨ ᠵᠢᠶᠦ᠋ᠨ ᠠᠴᠠ᠂ ᠲᠤᠰ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ | ᠬᠥᠭᠵᠢᠯᠲᠡ ᠶᠢᠨ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠤᠨᠴᠠᠯᠢᠬᠳᠤ ᠲᠦᠷᠦᠯ ᠲᠡᠮᠳᠡᠭ ᠢ ᠡᠭᠦᠳᠴᠦ᠂ | ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠤᠨᠴᠠᠯᠢᠬᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ︽ᠦᠢᠯᠡᠳᠪᠦᠷᠢᠯᠡᠯ ᠡᠳ᠋ᠰᠢᠭᠦᠯᠦᠯᠲᠡ ᠪᠣᠷᠣᠯᠠᠭᠤᠯᠤᠯᠲᠠ︾ ᠶᠢ ᠨᠢᠭᠡ ᠴᠤᠬᠴᠠᠵᠢᠭᠤᠯᠤᠨ | ᠬᠥᠭᠵᠢᠭᠦᠯᠬᠦ ᠰᠢᠰᠲ᠋ᠧᠮ ᠢ ᠪᠠᠶᠢᠭᠤᠯᠵᠤ᠂ ᠳᠠᠪᠠᠭᠤᠯᠢᠭ ᠤᠨᠴᠠᠯᠢᠬᠳᠤ ᠠᠵᠤ ᠦᠢᠯᠡᠰ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠵᠦ᠂ ᠨᠢᠭᠡ᠂ ᠬᠤᠶᠠᠷ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ | ᠠᠬᠢᠭᠤᠯᠬᠤ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ︽ᠣᠯᠠᠨ ᠲᠣᠰᠬᠤᠨ ᠬᠤᠯᠪᠣᠭᠠᠯᠠᠨ | ᠪᠠᠶᠢᠭᠤᠯᠬᠤ︾ ᠰᠢᠨ᠎ᠡ ᠵᠠᠭᠪᠤᠷ ᠢ ᠪᠠᠶᠢᠭᠤᠯᠵᠤ᠂ ᠲᠣᠰᠬᠤᠨ ᠤ ᠬᠠᠮᠲᠤ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ | ᠂ ᠲᠥᠷᠥ ᠶᠢᠨ ᠪᠣᠳᠣᠯᠭ᠎ᠠ ᠶᠢ ᠭᠦᠢᠴᠡᠳ ᠬᠡᠷᠡᠭᠯᠡᠨ ᠠᠮᠢᠳᠤᠯᠢᠭ ᠬᠡᠷᠡᠭᠯᠡᠵᠦ᠂ ᠲᠣᠰᠬᠤᠨ ᠤ ᠬᠤᠭᠤᠷᠤᠨᠳᠤᠬᠢ ᠵᠠᠭᠠᠭ | ᠱᠤᠭᠤᠮ ᠢ ᠡᠪᠳᠡᠵᠦ᠂ ᠣᠯᠠᠨ ᠲᠦᠮᠡᠨ ᠪᠠ ᠲᠣᠰᠬᠤᠨ ᠤ ᠬᠠᠮᠲᠤ ᠶᠢᠨ ᠪᠦᠯᠬᠦᠮᠳᠡᠨ ᠬᠥᠭᠵᠢᠬᠦ ᠶᠢ ᠳᠠᠶᠢᠴᠢᠯᠠᠵᠤ᠂ | ᠠᠵᠤ ᠦᠢᠯᠡᠰ ᠤᠨ ᠦᠷ᠎ᠡ ᠠᠰᠢᠭ ᠢ ᠨᠡᠮᠡᠭᠳᠡᠭᠦᠯᠬᠦ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠬᠦ | ᠬᠡᠷᠡᠭᠲᠡᠶ᠃ ᠰᠢᠨᠵᠢᠯᠡᠬᠦ ᠤᠬᠠᠭᠠᠨᠴᠢ ᠰᠢᠰᠲ᠋ᠧᠮ ᠲᠠᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ | ᠦᠵᠡᠯᠲᠡ ᠶᠢ ᠪᠠᠲᠤ ᠪᠠᠬᠢ ᠪᠣᠶ ᠪᠣᠯᠭᠠᠵᠤ᠂ ᠮᠠᠯ ᠡᠪᠡᠰᠤ ᠶᠢ ᠲᠡᠩᠴᠡᠭᠦᠷᠢᠲᠡᠶ ᠪᠠᠶᠢᠯᠭᠠᠬᠤ ᠲᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠂ ᠤᠬᠠᠭᠤᠯᠬᠤ ᠪᠠ ᠬᠢᠨᠠᠨ ᠬᠠᠮᠢᠶᠠᠷᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ | ᠮᠠᠯᠴᠢᠨ ᠲᠠᠷᠢᠶᠠᠴᠢᠨ ᠤ ᠤᠯᠠᠮᠵᠢᠯᠠᠯᠲᠤ ᠲᠡᠵᠢᠭᠡᠨ ᠦᠷᠡᠵᠢᠭᠦᠯᠬᠦ ᠦᠵᠡᠯ ᠰᠠᠨᠠᠭ᠎ᠠ ᠣᠶᠢᠯᠠᠭᠠᠭᠳᠠᠬᠤᠨ ᠢ ᠲᠦᠷᠭᠡᠳᠬᠡᠨ | ᠬᠤᠪᠢᠷᠠᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠦᠷᠢᠮ ᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠲᠥᠷᠥᠯ ᠵᠤᠶᠢᠯ ᠤᠨ ᠣᠷᠣᠨ ᠤ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠳᠡᠭᠡᠭᠰᠢᠯᠡᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠠᠶᠢᠨ | ᠰᠠᠶᠢᠬᠠᠨ ᠠᠮᠢ ᠠᠬᠤᠶ ᠶᠢᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠪᠡ᠃ |