ᠦᠨᠳᠦᠰᠦᠲᠡᠨ ᠨᠦᠭᠦᠳ ᠪᠦᠯᠬᠦᠮᠳᠡᠨ ᠨᠢᠭᠲᠠᠷᠠᠵᠤ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢ ᠬᠠᠮᠲᠤ ᠪᠠᠷ ᠡᠳ᠋ᠯᠡᠨ᠎ᠡ ᠊᠊᠊᠊ ᠪᠠᠶᠠᠨᠲᠠᠯ᠎ᠠ ᠰᠤᠮᠤ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠤᠨ ᠠᠵᠢᠯᠯᠠᠭ᠎ᠠ ᠡᠷᠬᠢᠯᠡᠪᠡ
ᠨᠡᠶᠢᠲᠡᠯᠡᠭᠰᠡᠨ ᠴᠠᠭ᠄
2024/11/18
    ᠳᠤᠮᠳᠠᠳᠤ ᠶᠢᠨ ᠰᠢᠯᠢᠳᠡᠭ ᠲᠠᠷᠢᠶᠠᠯᠠᠬᠤ ᠰᠣᠶᠣᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠰᠠᠶᠢᠲᠤᠷ ᠶᠠᠷᠢᠬᠤ ᠶᠢᠨ ᠲᠥᠯᠥᠭᠡ᠂ 11 ᠰᠠᠷ᠎ᠠ ᠶᠢᠨ 14 ᠤ ᠡᠳᠦᠷ᠂ ᠪᠠᠶᠠᠨᠲᠠᠯ᠎ᠠ ᠰᠤᠮᠤ ᠥᠪᠥᠷ ᠮᠣᠩᠭᠤᠯ ᠤᠨ  ᠵᠠᠷᠤᠳ ᠬᠤᠰᠢᠭᠤᠨ ᠤ ᠮᠦ ᠶᠤᠸᠠᠨ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠲᠠᠢ ᠬᠠᠮᠲᠤᠷᠠᠨ᠂ ᠪᠠᠷᠠᠭᠤᠨ ᠪᠠᠶᠠᠨᠲᠠᠯ᠎ᠠ ᠲᠣᠰᠬᠤᠨ ᠳᠤ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠤᠨ ᠠᠵᠢᠯᠯᠠᠭ᠎ᠠ ᠥᠷᠨᠢᠭᠦᠯᠵᠦ᠂ ᠵᠠᠷᠤᠳ ᠬᠤᠰᠢᠭᠤᠨ ᠤ ᠮᠦ ᠶᠤᠸᠠᠨ ᠤᠰᠤᠨ ᠪᠣᠷᠳᠣᠭᠤᠷ ᠢ ᠲᠠᠷᠢᠶᠠᠨ ᠭᠠᠵᠠᠷ ᠲᠤ ᠪᠤᠴᠠᠭᠠᠨ ᠣᠷᠣᠯᠭ᠎ᠠ ᠨᠡᠮᠡᠭᠳᠡᠭᠦᠯᠦᠭᠰᠡᠨ ᠦᠷ᠎ᠡ ᠪᠦᠲᠦᠮᠵᠢ ᠶᠢ ᠳᠡᠯᠭᠡᠨ ᠦᠵᠡᠭᠦᠯᠵᠦ᠂ ᠲᠣᠰᠬᠤᠨ ᠤ ᠠᠵᠤ ᠠᠬᠤᠶᠢᠯᠠᠯ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢ ᠬᠠᠮᠲᠤ ᠪᠠᠷ ᠡᠳ᠋ᠯᠡᠪᠡ᠃ ᠰᠤᠮᠤᠨ ᠤ ᠬᠤᠯᠪᠣᠭᠳᠠᠯ ᠪᠦᠬᠦᠢ ᠤᠳᠤᠷᠢᠳᠤᠯᠭ᠎ᠠ᠂  ᠵᠠᠷᠤᠳ ᠬᠤᠰᠢᠭᠤᠨ ᠤ ᠮᠦ ᠶᠤᠸᠠᠨ ᠺᠤᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ᠃
1.jpg
2.jpg
       ᠡᠷᠳᠡᠨᠢ ᠰᠢᠰᠢ ᠶᠢᠨ ᠲᠣᠯᠤᠭᠠᠢ ᠶᠢᠨ ᠬᠦᠨᠳᠦ ᠶᠢ ᠬᠡᠮᠵᠢᠨ ᠰᠣᠩᠭᠤᠬᠤ ᠭᠤᠭᠴᠤᠭ᠎ᠠ ᠳᠤ᠂  ᠠᠬᠤᠢ ᠲᠠᠯᠠᠪᠠᠶ ᠳᠤ ᠬᠥᠷ ᠬᠥᠭᠵᠢᠶᠡᠨ ᠢᠶᠠᠷ ᠪᠢᠯᠬᠠᠵᠤ᠂ ᠤᠷᠤᠯᠳᠤᠭᠠᠨ ᠳᠤ ᠣᠷᠣᠯᠴᠠᠭᠰᠠᠨ ᠲᠠᠷᠢᠶᠠᠴᠢᠨ ᠨᠢᠭᠡᠪᠦᠷᠢ ᠥᠪᠡᠷ ᠤᠨ ᠭᠡᠷ ᠤᠨ ᠨᠢᠭᠡ  ᠲᠣᠯᠤᠭᠠᠢ ᠡᠷᠳᠡᠨᠢ ᠰᠢᠰᠢ ᠪᠠᠨ ᠠᠳᠬᠤᠵᠤ ᠠᠬᠤᠢ ᠲᠠᠯᠠᠪᠠᠶ ᠳᠤ ᠬᠦᠨᠳᠦ ᠶᠢ ᠬᠡᠮᠵᠢᠪᠡ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠡᠴᠦᠰ ᠲᠡᠭᠡᠨ ᠨᠢᠭᠡᠳᠦᠭᠡᠷ ᠳᠡᠰ ᠤᠨ ᠱᠠᠩᠨᠠᠯ 1 ᠨᠡᠷᠡᠰ ᠂ ᠬᠤᠶᠠᠳᠤᠭᠠᠷ ᠳᠡᠰ ᠤᠨ ᠱᠠᠩᠨᠠᠯ 2 ᠨᠡᠷᠡᠰ᠂ ᠭᠤᠷᠪᠠᠳᠤᠭᠠᠷ ᠳᠡᠰ ᠤᠨ ᠱᠠᠩᠨᠠᠯ 3 ᠨᠡᠷᠡᠰ ᠢ ᠰᠢᠯᠭᠠᠷᠠᠭᠤᠯᠤᠨ ᠭᠠᠷᠭᠠᠵᠤ᠂ ᠱᠠᠩᠨᠠᠯ ᠬᠦᠷᠲᠡᠭᠰᠡᠳ ᠤᠨ ᠴᠢᠷᠠᠶ ᠳᠤ ᠵᠣᠯ ᠵᠢᠷᠭᠠᠯ ᠤᠨ ᠢᠨᠢᠶᠡᠮᠰᠦᠭᠯᠡᠯ ᠪᠢᠯᠬᠠᠨ᠎ᠠ᠃
3.jpg
4.jpg
    ᠬᠥᠳᠡᠯᠭᠡᠭᠡᠨ ᠤ ᠳᠤᠷ᠎ᠠ ᠰᠣᠨᠢᠷᠬᠠᠯᠲᠤ ᠴᠢᠨᠠᠷ ᠢ ᠨᠡᠮᠡᠭᠳᠡᠭᠦᠯᠬᠦ ᠶᠢᠨ ᠲᠥᠯᠥᠭᠡ᠂ ᠡᠷᠬᠢᠯᠡᠭᠰᠡᠨ ᠲᠠᠯ᠎ᠠ ᠶᠢᠨ ᠬᠢᠨ ᠪᠠᠰᠠ ᠫᠢᠩᠫᠠᠩ ᠪᠥᠮᠪᠦᠭᠡ ᠬᠠᠶᠠᠬᠤ ᠥᠷᠢᠰᠥᠯᠳᠦᠭᠡᠨ ᠤ ᠭᠤᠭᠴᠤᠭ᠎ᠠ ᠶᠢ ᠨᠠᠷᠢᠨ ᠨᠢᠮᠪᠠᠢ ᠲᠤᠬᠢᠷᠠᠭᠤᠯᠪᠠ᠃  ᠣᠷᠤᠯᠴᠠᠭᠰᠠᠨ ᠨᠢᠭᠡᠪᠦᠷᠢ 10 ᠫᠢᠩᠫᠠᠩ ᠪᠥᠮᠪᠦᠭᠡ ᠠᠳᠬᠤᠵᠤ᠂ ᠵᠢᠭᠠᠨ ᠲᠣᠭᠲᠠᠭᠠᠭᠰᠠᠨ ᠰᠠᠭᠤᠯᠠᠭ᠎ᠠ ᠳᠣᠲᠣᠷ᠎ᠠ ᠰᠢᠳᠡᠵᠦ᠂ ᠬᠠᠮᠤᠭ ᠠᠷᠪᠢᠨ ᠰᠢᠳᠡᠵᠦ ᠣᠷᠤᠭᠤᠯᠤᠭᠰᠠᠨ ᠨᠢ ᠤᠷᠤᠯᠳᠦᠭᠠᠨ ᠤ ᠢᠯᠠᠯᠲᠠ ᠶᠢ ᠣᠯᠵᠦ᠂ ᠠᠬᠤᠢ ᠲᠠᠯᠠᠪᠠᠶ ᠶᠢᠨ ᠦᠵᠡᠭᠴᠢᠳ ᠤᠨ ᠢᠨᠢᠶᠡᠬᠦ ᠳᠠᠭᠤᠨ ᠲᠠᠰᠤᠷᠠᠯᠲᠠ ᠦᠭᠡᠢ ᠰᠣᠨᠣᠰᠳᠠᠵᠤ᠂ ᠠᠯᠠᠭ᠎ᠠ ᠲᠠᠰᠢᠯᠲᠠ ᠶᠢᠨ ᠳᠠᠭᠤᠨ ᠨᠢᠵᠢᠭᠢᠨᠡᠪᠡ᠃
5..jpg
 
6..jpg
     ᠤᠢᠢᠷ᠎ᠠ ᠶᠢᠨ ᠵᠢᠯ ᠠᠴᠠ᠂ ᠪᠠᠶᠠᠨᠲᠠᠯ᠎ᠠ ᠰᠤᠮᠤ ᠪᠣᠯᠤᠨ ᠥᠪᠥᠷ ᠮᠣᠩᠭᠤᠯ ‍ᠤᠨ‌ᠵᠠᠷᠤᠳ ᠬᠤᠰᠢᠭᠤᠨ ᠤ ᠮᠦ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠲᠠᠢ ᠨᠢᠭᠲᠠ ᠬᠠᠷᠢᠯᠴᠠᠵᠤ᠂  ᠳ᠋ᠢᠶᠠᠨ ᠪᠣᠥ ᠵᠢᠤᠢ ᠲᠣᠰᠬᠤᠨ ᠪᠣᠯᠤᠨ ᠪᠠᠷᠠᠭᠤᠨ ᠪᠠᠶᠠᠨᠲᠠᠯ᠎ᠠ ᠲᠣᠰᠬᠤᠨ ᠳᠤ ᠲᠠᠷᠢᠶᠠᠯᠠᠩ ᠢ ᠳᠡᠮᠵᠢᠬᠦ ᠬᠤᠭᠤᠯᠠᠢ ᠲᠣᠣᠷ ᠢ 8.03 ᠲᠦᠮᠡᠨ ᠮᠧᠲᠷ ᠳᠡᠪᠢᠰᠴᠦ᠂ 160 ᠡᠷᠦᠬᠡ  ᠶᠢᠨ ᠲᠠᠷᠢᠶᠠᠨ ᠭᠠᠵᠠᠷ ᠲᠠᠢ ᠬᠤᠯᠪᠣᠵᠤ᠂  ᠤᠰᠤᠨ ᠪᠤᠷᠳᠤᠭᠤᠷ ᠢ ᠬᠤᠭᠤᠯᠠᠢ ᠪᠠᠷ  ᠳᠠᠮᠵᠢᠭᠤᠯᠤᠨ ᠲᠠᠷᠢᠶᠠᠨ ᠭᠠᠵᠠᠷ ᠲᠤ ᠰᠢᠭᠤᠳ ᠬᠦᠷᠭᠡᠵᠦ᠂ ᠲᠠᠷᠢᠶᠠᠴᠢᠳ ᠲᠤ ᠰᠦᠢᠳᠬᠡᠯ ᠬᠤᠷᠢᠶᠠᠬᠤ ᠦᠭᠡᠢ ᠪᠠᠷ ᠬᠡᠷᠡᠭᠯᠡᠭᠦᠯᠵᠦ ᠂ 2.2 ᠲᠦᠮᠡᠨ ᠮᠦ ᠲᠠᠷᠢᠶᠠᠨ ᠭᠠᠵᠠᠷ ᠲᠤ ᠠᠰᠢᠭ ᠬᠦᠷᠲᠡᠭᠡᠵᠦ᠂ ᠲᠠᠷᠢᠶᠠᠯᠠᠩ ᠤᠨ ᠥᠪᠡᠷ ᠤᠨ ᠦᠷᠳᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ ᠵᠣᠷᠢᠯᠭ᠎ᠠ ᠳᠤ  ᠬᠦᠷᠪᠡ᠃
7.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号