| 11 ᠰᠠᠷ᠎ᠠ ᠶᠢᠨ 15 ᠤ ᠡᠳᠦᠷ᠂ ᠬᠤᠲᠠ ᠶᠢᠨ ᠣᠢ ᠰᠢᠭᠤᠶ ᠶᠢᠨ ᠭᠠᠯ ᠤᠨᠲᠠᠷᠠᠭᠠᠬᠤ ᠰᠠᠯᠪᠤᠷᠢ ᠠᠩᠭᠢ ᠶᠢᠨ | ᠵᠠᠷᠤᠳ ᠬᠤᠰᠢᠭᠤᠨ ᠤ ᠶᠡᠭᠡ ᠠᠩᠭᠢ ᠬᠠᠨ ᠠᠭᠤᠯᠠ ᠳᠤ ᠰᠡᠷᠭᠡᠶᠢᠯᠡᠨ ᠰᠠᠭᠤᠬᠤ ᠳᠤᠮᠳᠠ ᠠᠩᠭᠢ ᠣᠷᠢᠳᠴᠢᠯᠠᠨ | ᠰᠡᠷᠭᠡᠶᠢᠯᠡᠬᠦ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠰᠡᠷᠭᠡᠶᠢᠯᠡᠨ ᠰᠠᠭᠤᠬᠤ ᠬᠤᠭᠤᠴᠠᠭᠠᠨ ᠳᠤ᠂ | ᠪᠦᠬᠦ ᠠᠷᠠᠳ ᠤᠨ ᠭᠠᠯ ᠰᠡᠷᠭᠡᠶᠢᠯᠡᠬᠦ ᠤᠬᠠᠮᠰᠠᠷ ᠢ ᠪᠦᠲᠦᠮᠵᠢᠲᠡᠢ ᠴᠢᠩᠭᠠᠳᠬᠠᠬᠤ ᠶᠢᠨ ᠲᠥᠯᠥᠭᠡ᠂ ᠰᠡᠷᠭᠡᠶᠢᠯᠡᠨ | ᠰᠠᠭᠤᠬᠤ ᠡᠩᠨᠡᠭᠡ ᠶᠢᠨ ᠪᠦᠬᠦ ᠵᠢᠯᠤᠭᠤᠳᠤᠭᠴᠢ ᠪᠠᠶᠢᠯᠳᠤᠭᠴᠢᠳ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ | ᠢᠮᠠᠭᠲᠠ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠭᠠᠯ ᠰᠡᠷᠭᠡᠶᠢᠯᠡᠬᠦ ᠭᠠᠯ | ᠤᠨᠲᠠᠷᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠳᠠᠶᠢᠨ ᠤ ᠲᠠᠯᠠᠪᠤᠷ ᠤᠨ ᠬᠠᠶᠢᠨ ᠪᠠᠶᠢᠴᠠᠭᠠᠯᠲᠠ᠂ | ᠭᠠᠯ ᠰᠡᠷᠭᠡᠶᠢᠯᠡᠬᠦ ᠤᠬᠠᠭᠤᠯᠭ᠎ᠠ᠂ ᠳᠣᠨᠣᠭᠯᠠᠯ ᠢᠶᠠᠨ ᠠᠪᠴᠤ ᠲᠣᠭᠤᠷᠢᠨ ᠬᠠᠮᠠᠭᠠᠯᠠᠬᠤ ᠵᠡᠷᠭᠡ ᠦᠢᠯᠡᠴᠢᠯᠡᠭᠡ ᠶᠢ | ᠢᠳᠡᠪᠬᠢᠲᠡᠢ ᠥᠷᠨᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠪᠦᠲᠦᠮᠵᠢᠲᠡᠢ ᠭᠦᠢᠴᠡᠳᠬᠡᠵᠦ᠂ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠨ ᠲᠤᠰᠠᠯᠠᠬᠤ ᠤᠯᠠᠨ ᠶᠠᠩᠵᠤ ᠶᠢᠨ ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ ᠳᠤ ᠪᠠᠲᠤ ᠪᠠᠬᠢ | ᠰᠠᠭᠤᠷᠢ ᠲᠠᠯᠪᠢᠪᠠ᠃ |