| 11 ᠰᠠᠷ᠎ᠠ ᠶᠢᠨ 14 ᠤ ᠡᠳᠦᠷ᠂ ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠣᠷᠣᠨ ᠲᠤᠭ᠎ᠠ ᠶᠢᠨ | ᠠᠯᠪᠠᠨ ᠬᠡᠷ ᠤᠨ ᠡᠷᠬᠢᠯᠡᠭᠴᠢ ᠸᠠᠩ ᠳ᠋ᠠ ᠵᠢᠶᠦ᠋ᠨ ᠯᠦᠪᠸᠢ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠣᠯᠵᠤ | ᠵᠢᠭᠠᠨ ᠵᠢᠯᠣᠭᠤᠳᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ | ᠬᠡᠯᠲᠡᠰ ᠤᠨ ᠳᠠᠷᠤᠭ᠎ᠠ ᠰᠦᠸᠧ ᠮᠢᠩ ᠢᠦᠶ᠂ ᠬᠤᠰᠢᠭᠤᠨ ᠤ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ | ᠭᠡᠷ ᠤᠨ ᠬᠠᠷᠢᠭᠤᠴᠠᠯᠭᠠᠲᠠᠨ᠂ ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠪᠠᠷ᠎ᠠ ᠪᠣᠯᠪᠠ᠃ | ᠵᠢᠯᠣᠭᠤᠳᠬᠤ ᠳᠤᠭᠤᠶᠢᠯᠠᠩ ᠤᠨ ᠬᠢᠨ ᠬᠠᠷᠢᠭᠤ ᠮᠡᠳᠡᠭᠦᠯᠦᠯᠲᠡ ᠶᠢ ᠰᠣᠨᠣᠰᠬᠤ᠂ ᠮᠠᠲ᠋ᠧᠷᠢᠶᠠᠯ ᠢ ᠪᠠᠶᠢᠴᠠᠭᠠᠨ | ᠦᠵᠡᠬᠦ᠂ ᠰᠠᠭᠤᠳᠠᠯ ᠤᠨ ᠬᠤᠷᠠᠯ ᠬᠢᠵᠦ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠯᠦᠪᠸᠢ | ᠪᠠᠯᠭᠠᠰᠤᠨ ᠤ ᠵᠠᠰᠠᠭ ᠤᠨ ᠣᠷᠳᠣᠨ ᠤ ᠭᠤᠤᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠪᠠ ᠣᠯᠤᠭᠰᠠᠨ | ᠦᠷ᠎ᠡ ᠪᠦᠲᠦᠮᠵᠢ ᠶᠢ ᠨᠠᠷᠢᠨ ᠣᠶᠢᠯᠠᠭᠠᠵᠤ᠂ ᠠᠵᠢᠯ ᠤᠨ ᠦᠷ᠎ᠡ ᠪᠦᠲᠦᠮᠵᠢ ᠶᠢ ᠭᠦᠢᠴᠡᠳ ᠨᠤᠲᠠᠯᠠᠬᠤ ᠶᠢᠨ ᠬᠠᠮᠲᠤ | ᠪᠠᠰᠠ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠠᠶ ᠵᠢᠯᠣᠭᠤᠳᠣᠯᠭ᠎ᠠ ᠬᠢᠪᠠ᠃ | ᠳᠠᠷᠠᠭᠠᠴᠢ ᠶᠢᠨ ᠠᠯᠬᠤᠮ ᠳᠤ᠂ ᠯᠦᠪᠸᠢ ᠪᠠᠯᠭᠠᠰᠤ ᠬᠢᠨ ᠭᠤᠣᠯᠳᠠᠯᠭ᠎ᠠ ᠲᠠᠢ ᠠᠵᠢᠯ ᠢ ᠦᠷᠭᠦᠯᠵᠢᠯᠡᠨ ᠯᠠᠪᠳᠠᠭᠤᠨ | ᠪᠠᠲᠤᠲᠠᠢ ᠨᠠᠶᠢᠳᠠᠪᠤᠷᠢᠵᠢᠭᠤᠯᠵᠤ᠂ ᠳᠡᠭᠡᠳᠦ ᠱᠠᠳᠤ ᠲᠠᠢ ᠢᠳᠡᠪᠬᠢᠲᠡᠢ ᠨᠡᠪᠲᠡᠷᠡᠯᠴᠡᠵᠦ᠂ ᠬᠠᠷᠢᠭᠤᠴᠠᠯᠭ᠎ᠠ | ᠡᠭᠦᠷᠭᠡᠯᠡᠯ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠡᠩᠨᠡᠭᠡᠨ ᠤ ᠦᠵᠡᠯ ᠰᠠᠨᠠᠭᠠᠨ ᠤ ᠪᠠᠶᠢᠭᠤᠯᠤᠯᠲᠠ ᠶᠢ | ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ᠂ | ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠎ᠡ᠃ | |