ᠲᠤᠯᠤᠳᠤ ᠰᠤᠮᠤ ᠪᠡᠯᠴᠢᠭᠡᠷᠯᠡᠭᠦᠯᠬᠦ ᠶᠢ ᠴᠠᠭᠠᠵᠠᠯᠠᠬᠤ ᠲᠣᠭᠤᠷᠢᠨ ᠪᠠᠶᠢᠴᠠᠭᠠᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠦᠷ᠎ᠡ ᠪᠦᠲᠦᠭᠡᠯ ᠢ ᠬᠦᠴᠦᠲᠡᠢ ᠬᠠᠮᠠᠭᠠᠯᠠᠪᠠ
ᠨᠡᠶᠢᠲᠡᠯᠡᠭᠰᠡᠨ ᠴᠠᠭ᠄
2024/11/19
    ᠲᠤᠯᠤᠳᠤ ᠰᠤᠮᠤ ᠶᠢᠨ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ‌ᠬᠠᠤᠯᠢ ᠬᠡᠷᠡᠭᠵᠢᠭᠦᠯᠬᠦ ᠠᠩᠭᠢ ᠪᠡᠯᠴᠢᠭᠡᠷᠯᠡᠭᠦᠯᠬᠦ ᠶᠢ ᠴᠠᠭᠠᠵᠠᠯᠠᠵᠤ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠪᠡ᠃ ᠲᠣᠭᠤᠷᠢᠨ ᠪᠠᠶᠢᠴᠠᠭᠠᠬᠤ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠲᠣᠭᠲᠠᠭᠰᠠᠨ ᠭᠠᠵᠠᠷ ᠥᠬᠡᠶ᠂ ᠲᠣᠭᠲᠠᠭᠰᠠᠨ ᠴᠠᠭ ᠥᠬᠡᠶ ᠲᠣᠭᠤᠷᠢᠨ ᠪᠠᠶᠢᠴᠠᠭᠠᠬᠤ ᠠᠷᠭ᠎ᠠ ᠮᠠᠶ᠋ᠢᠭ ᠢᠶᠠᠷ ᠲᠣᠭᠤᠷᠢᠨ ᠪᠠᠶᠢᠴᠠᠭᠠᠬᠤ ᠤᠳᠠᠭ᠎ᠠ ᠪᠠ ᠬᠦᠷᠢᠶ᠎ᠡ ᠬᠡᠪᠴᠢᠶ᠎ᠡ ᠪᠠᠨ ᠲᠠᠰᠤᠷᠠᠯᠲᠠ ᠥᠬᠡᠶ ᠨᠡᠮᠡᠭᠳᠡᠭᠦᠯᠬᠦ ᠶᠢᠨ ᠬᠠᠮᠲᠤ ︽ᠰᠤᠷᠭᠠᠨ ᠬᠥᠮᠦᠵᠢᠯ ᠢᠶᠠᠷ ᠭᠤᠤᠯ ᠪᠣᠯᠭᠠᠵᠤ᠂ ᠲᠣᠷᠭᠠᠬᠤ ᠪᠠᠷ ᠬᠠᠪᠰᠤᠷᠤᠮᠵᠢ ᠪᠣᠯᠭᠠᠬᠤ︾ ᠬᠠᠮᠢᠶᠠᠷᠤᠯᠲᠠ ᠶᠢᠨ ᠵᠠᠷᠴᠢᠮ ᠢ ᠪᠠᠷᠢᠮᠲᠠᠯᠠᠵᠤ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ᠂ ᠴᠢᠩᠭ᠎ᠠ ᠪᠥᠭᠡᠳ ᠲᠦᠷᠭᠡᠨ ᠢᠶᠠᠷ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ  ᠰᠢᠢᠳᠪᠦᠷᠢᠯᠡᠵᠦ ᠂ ᠮᠠᠯᠴᠢᠨ ᠲᠠᠷᠢᠶᠠᠴᠢᠨ ᠢ ᠬᠥᠮᠦᠵᠢᠭᠦᠯᠦᠨ ᠬᠥᠲᠥᠯᠦᠨ ᠵᠢᠯᠣᠭᠤᠳᠴᠤ ᠪᠠᠶᠢᠭᠠᠳ ᠬᠠᠤᠯᠢ ᠶᠢ ᠰᠠᠬᠢᠬᠤ ᠤᠬᠠᠮᠰᠠᠷ ᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠶ᠎ᠠ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠬᠠᠮᠲᠤ ᠪᠠᠷ ᠬᠠᠮᠠᠭᠠᠯᠠᠪᠠ᠃ 
WVSDCn8I_1731917398398.jpg  
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号