ᠱᠤᠤ ᠶᠠᠨ ᠵᠢᠶᠦ᠋ᠨ ᠮᠠᠯᠵᠢᠬᠤ ᠲᠠᠷᠢᠶᠠᠯᠠᠬᠤ ᠣᠷᠣᠨ ᠤ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/11/19
  
微信图片_20241119100503.jpg
   11 ᠰᠠᠷ᠎ᠠ ᠶᠢᠨ 18 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠤᠤ ᠶᠠᠨ ᠵᠢᠶᠦ᠋ᠨ ᠪᠦᠯᠬᠦᠮ ᠳᠠᠭᠠᠭᠤᠯᠤᠨ ᠦᠨᠡᠭᠡᠴᠢ ᠮᠠᠯᠵᠢᠯ ᠤᠨ ᠲᠠᠯᠠᠪᠠᠢ᠂  ᠬᠤᠩᠬᠠᠳᠤ ᠠᠭᠤᠯᠠ ᠪᠠᠯᠭᠠᠰᠤ᠂ ᠴᠢᠨᠳᠠᠮᠤᠨᠢ ᠰᠤᠮᠤ᠂ ᠦᠨᠡᠭᠡᠴᠢ ᠰᠤᠮᠤ᠂ ᠭᠠᠭ᠋ᠠᠶᠢᠲᠤ ᠪᠠᠯᠭᠠᠰᠤ ᠵᠡᠷᠭᠡ ᠭᠠᠵᠠᠷ ᠲᠤ ᠬᠦᠷᠴᠦ ᠮᠠᠯᠵᠢᠬᠤ ᠲᠠᠷᠢᠶᠠᠯᠠᠬᠤ ᠣᠷᠣᠨ ᠤ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠬᠤᠰᠢᠭᠤᠨ ᠤ ᠤᠳᠤᠷᠢᠳᠤᠯᠭ᠎ᠠ ᠰᠦᠸᠧ ᠮᠢᠩ ᠢᠦᠶ᠂ ᠭᠦᠸᠧ ᠶᠠ ᠹᠧᠩ ᠪᠣᠯᠤᠨ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠤᠷᠤᠯᠴᠠᠪᠠ᠃    
微信图片_20241119100429.jpg
    ᠱᠤᠤ ᠶᠠᠨ ᠵᠢᠶᠦ᠋ᠨ ᠬᠠᠮᠲᠤ ᠶᠠᠪᠣᠭᠰᠠᠳ ᠲᠠᠢ ᠪᠠᠨ ᠤᠷᠢᠳ ᠬᠤᠵᠢᠳ ᠵᠠᠷᠤᠳ ᠬᠤᠰᠢᠭᠤᠨ ᠤ ᠡᠮ ᠤᠨ ᠮᠠᠲ᠋ᠧᠷᠢᠶᠠᠯ ᠲᠠᠷᠢᠬᠤ ᠰᠠᠭᠤᠷᠢᠨ ᠭᠠᠵᠠᠷ ᠤᠨ ᠲᠦᠷᠦᠯ ᠵᠦᠢᠯ᠂ ᠢᠳᠡᠰᠢᠨ ᠨᠣᠭᠤᠭᠠᠨ ᠤ ᠬᠦᠷᠢᠶᠡᠯᠡᠩ ᠲᠣᠭᠤᠷᠢᠭ ᠤᠨ ᠲᠦᠷᠦᠯ ᠵᠦᠢᠯ᠂ ᠲᠤᠮᠤ ᠬᠡᠯᠪᠡᠷᠢ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠡᠳᠦ ᠳᠡᠯᠭᠡᠭᠦᠷ ᠤᠨ ᠲᠦᠷᠦᠯ ᠵᠦᠢᠯ᠂ ᠬᠠᠮᠲᠤ ᠶᠢᠨ ᠠᠵᠤ ᠠᠬᠤᠢ ᠶᠢᠨ ᠦᠬᠡᠷ ᠲᠡᠵᠢᠭᠡᠬᠦ ᠬᠤᠷᠰᠢᠶ᠎ᠠ ᠶᠢᠨ ᠲᠦᠷᠦᠯ ᠵᠦᠢᠯ ᠂ ᠬᠢᠲᠠᠳ ᠡᠪᠡᠰᠦᠨ ᠡᠮ ᠤᠨ ᠠᠵᠤ ᠦᠢᠯᠡᠰ ᠤᠨ ᠲᠦᠷᠦᠯ ᠵᠦᠢᠯ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠦᠬᠡᠷ ᠤᠨ ᠠᠵᠤ ᠦᠢᠯᠡᠰ ᠤᠨ ᠲᠡᠰ ᠳᠡᠪᠰᠢᠭᠦᠯᠬᠦ ᠲᠣᠭᠤᠷᠢᠭ ᠤᠨ ᠲᠦᠷᠦᠯ ᠵᠦᠢᠯ ᠵᠡᠷᠭᠡ ᠲᠦᠷᠦᠯ ᠵᠦᠢᠯ ᠤᠨ ᠠᠬᠤᠢ ᠲᠠᠯᠠᠪᠠᠢ ᠳᠤ ᠬᠦᠷᠴᠦ᠂ ᠠᠬᠤᠢ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠯᠠᠪᠯᠠᠨ ᠠᠰᠠᠭᠤᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠲᠤᠯᠭᠠᠷᠠᠵᠤ ᠪᠠᠶᠢᠭ᠎ᠠ ᠬᠦᠴᠢᠷᠳᠡᠯ ᠢ ᠯᠠᠪᠯᠠᠨ ᠠᠰᠠᠭᠤᠬᠤ ᠶᠢᠨ ᠬᠠᠮᠲᠤ ᠵᠢᠯᠣᠭᠤᠳᠬᠤ ᠴᠢᠨᠠᠷᠲᠠᠢ ᠰᠠᠨᠠᠯ ᠳᠤᠷᠠᠳᠪᠠ᠃     
微信图片_20241119100455.jpg
    ᠱᠤᠤ ᠶᠠᠨ ᠵᠢᠶᠦ᠋ᠨ ᠠᠴᠠ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠪᠠᠷ ᠬᠦᠳᠦᠯᠦᠨ ᠳᠠᠭᠠᠭᠤᠯᠬᠤ᠂ ᠵᠣᠬᠢᠶᠠᠨ ᠪᠠᠶᠢᠭᠤᠯᠤᠨ ᠳᠠᠶᠢᠴᠢᠯᠠᠬᠤ᠂ ᠵᠣᠬᠢᠴᠠᠭᠤᠯᠤᠨ ᠠᠬᠢᠭᠤᠯᠬᠤ᠂ ᠤᠯᠠᠨ ᠲᠦᠮᠡᠨ ᠳᠤ ᠦᠢᠯᠡᠴᠢᠯᠡᠬᠦ ᠵᠡᠷᠭᠡ ᠲᠠᠯ᠎ᠠ ᠶᠢᠨ ᠵᠠᠩᠭᠢᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠰᠡᠳᠬᠢᠴᠡ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠢ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ ᠤᠨᠴᠠᠯᠢᠬᠳᠤ ᠠᠵᠤ ᠦᠢᠯᠡᠰ ᠪᠣᠯᠭᠠᠨ ᠠᠳᠬᠤᠵᠤ᠂ ᠨᠠᠮ ᠤᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠬᠠᠭᠤᠯᠵᠤ ᠬᠦᠳᠦᠯᠦᠨ ᠵᠢᠯᠣᠭᠤᠳᠬᠤ ᠶᠢ ᠦᠷᠭᠦᠯᠵᠢᠯᠡᠨ ᠴᠢᠩᠭᠠᠳᠬᠠᠵᠤ᠂ ᠮᠡᠷᠭᠡᠵᠢᠯ ᠤᠨ ᠵᠢᠯᠤᠭᠤᠳᠤᠯᠭ᠎ᠠ ᠶᠢ ᠴᠢᠩᠭᠠᠳᠬᠠᠵᠤ᠂ ᠪᠣᠷᠣᠯᠠᠭᠤᠯᠬᠤ ᠠᠷᠭ᠎ᠠ ᠵᠠᠮ ᠢ ᠥᠷᠭᠡᠳᠬᠡᠵᠦ ᠂ ᠬᠢᠲᠠᠳ ᠡᠮ ᠤᠨ ᠠᠵᠤ ᠦᠢᠯᠡᠰ ᠤᠨ ᠬᠡᠯᠬᠢᠶ᠎ᠡ ᠶᠢ ᠢᠳᠡᠪᠬᠢᠲᠡᠢ ᠥᠷᠭᠡᠳᠬᠡᠵᠦ᠂ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠢ ᠴᠢᠨᠠᠭᠰᠢᠳᠠ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠪᠡᠯᠡᠳᠭᠡᠮᠵᠢᠳᠤ ᠲᠠᠷᠢᠶᠠᠯᠠᠩ ᠢ ᠲᠦᠷᠭᠡᠪᠴᠢᠯᠡᠨ ᠪᠤᠶᠢᠵᠢᠭᠤᠯᠵᠤ᠂ ᠪᠡᠯᠡᠳᠭᠡᠮᠵᠢᠳᠤ ᠲᠠᠷᠢᠶᠠᠯᠠᠩ ᠤᠨ ᠬᠥᠭᠵᠢᠯᠲᠡ ᠶᠢᠨ ᠲᠥᠯᠥᠪᠵᠢᠭᠦᠯᠭᠡ ᠶᠢ ᠬᠥᠲᠥᠯᠥᠨ ᠳᠠᠭᠠᠭᠤᠯᠬᠤ ᠪᠠ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠦᠷᠭᠦᠯᠵᠢᠯᠡᠨ ᠴᠢᠩᠭᠠᠳᠬᠠᠵᠤ᠂ ᠮᠡᠷᠭᠡᠵᠢᠯ ᠤᠨ ᠦᠢᠯᠡᠴᠢᠯᠡᠭᠡᠨ ᠤ ᠪᠠᠲᠤᠯᠠᠭ᠎ᠠ ᠶᠢ ᠦᠨᠡᠨ ᠬᠦ ᠰᠠᠶᠢᠲᠤᠷ ᠬᠢᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠪᠠ ᠲᠠᠷᠢᠶᠠᠯᠠᠩ ᠤᠨ ᠦᠷᠳᠡᠭ ᠨᠡᠮᠡᠭᠳᠡᠭᠦᠯᠬᠦ ᠣᠷᠣᠨ ᠵᠠᠶ ᠶᠢ ᠤᠯᠠᠮ ᠨᠢᠭᠡ ᠠᠯᠬᠤᠮ ᠥᠷᠭᠡᠳᠬᠡᠬᠦ ᠬᠡᠷᠡᠭᠲᠡᠢ᠃ ᠨᠠᠩ ᠣᠯᠠᠨ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ ᠶᠢᠨ ᠵᠢᠱᠢᠶ᠎ᠡ ᠦᠵᠡᠭᠦᠯᠦᠨ ᠠᠯᠠᠰᠢᠨ ᠦᠬᠡᠷ ᠲᠡᠵᠢᠭᠡᠬᠦ ᠶᠢ ᠵᠣᠷᠢᠭᠵᠢᠭᠤᠯᠤᠨ ᠬᠥᠭᠵᠢᠭᠦᠯᠵᠦ᠂ ᠰᠠᠶᠢᠨ ᠡᠭᠦᠯᠳᠡᠷ ᠢ ᠰᠣᠩᠭᠤᠨ ᠪᠤᠶᠢᠵᠢᠭᠤᠯᠬᠤ᠂ ᠲᠡᠵᠢᠭᠡᠨ ᠦᠷᠡᠵᠢᠭᠦᠯᠬᠦ ᠮᠡᠷᠭᠡᠵᠢᠯ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠨᠠᠷᠢᠯᠢᠭ ᠭᠦᠨᠵᠡᠭᠡᠶ ᠡᠳ᠋ᠰᠢᠭᠦᠯᠬᠦ ᠵᠡᠷᠭᠡ ᠲᠠᠯ᠎ᠠ ᠪᠠᠷ ᠬᠦᠴᠦ ᠣᠷᠣᠭᠤᠯᠵᠤ᠂ ᠠᠵᠤ ᠦᠢᠯᠡᠰ ᠤᠨ ᠨᠡᠮᠡᠯᠲᠡ ᠥᠷᠲᠡᠭ ᠪᠠ ᠲᠡᠵᠢᠭᠡᠨ ᠦᠷᠡᠵᠢᠭᠦᠯᠬᠦ ᠠᠰᠢᠭ ᠣᠷᠣᠯᠭ᠎ᠠ ᠶᠢ ᠳᠡᠭᠡᠭᠰᠢᠯᠡᠭᠦᠯᠦᠨ᠂ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号