| | ᠰᠤᠷᠪᠤᠯᠵᠢᠯᠠᠭᠴᠢ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠣᠶᠢᠯᠠᠭᠠᠵᠤ | ᠮᠡᠳᠡᠭᠰᠡᠨ ᠨᠢ᠂ ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123︾ APP ᠨᠢᠭᠡᠴᠡ ᠶᠢᠨ | ᠬᠡᠷᠡᠭᠯᠡᠭᠴᠢ ᠶᠢᠨ ᠬᠡᠪᠯᠡᠯ ᠨᠢ ᠲᠤᠰ ᠰᠠᠷ᠎ᠠ ᠳᠤ ᠵᠢᠩᠬᠢᠨᠢ ᠪᠠᠷ ᠰᠦᠯᠵᠢᠶᠡᠨ ᠳᠤ ᠭᠠᠷᠴᠤ᠂ ᠠᠯᠪᠠᠨ ᠪᠠᠶᠢᠭᠤᠯᠭ᠎ᠠ᠂ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠢᠨᠲ᠋ᠧᠷ ᠰᠦᠯᠵᠢᠶ᠎ᠡ ᠪᠠᠷ ᠳᠠᠮᠵᠢᠨ ᠬᠡᠵᠢᠶ᠎ᠡ ᠬᠠᠮᠢᠭ᠎ᠠ ᠴᠤ | ᠭᠡᠰᠡᠨ ᠰᠦᠯᠵᠢᠶᠡᠨ ᠳᠡᠭᠡᠷ᠎ᠡ ᠵᠢᠯᠣᠭᠤᠴᠢ ᠶᠢᠨ ᠮᠡᠳᠡᠭᠡ ᠵᠠᠩᠭᠢ ᠶᠢ ᠳᠠᠩᠰᠠᠯᠠᠭᠤᠯᠬᠤ ᠳᠤ ᠤᠯᠠᠮ ᠨᠢᠭᠡ ᠠᠯᠬᠤᠮ | ᠳᠥᠭᠦᠮ ᠦᠵᠡᠭᠦᠯᠪᠡ᠃ ᠰᠢᠨ᠎ᠡ ᠬᠡᠪᠯᠡᠯ ᠤᠨ ᠵᠥᠭᠡᠯᠡᠨ ᠬᠡᠷᠡᠭᠰᠡᠯ ᠨᠢ ᠵᠠᠮ ᠬᠠᠷᠢᠯᠴᠠᠭᠠᠨ ᠤ ᠬᠠᠤᠯᠢ ᠠᠴᠠ | ᠵᠥᠷᠢᠴᠡᠭᠰᠡᠨ ᠲᠡᠮᠳᠡᠭᠯᠡᠯ ᠢ ᠪᠠᠶᠢᠴᠠᠭᠠᠨ ᠯᠠᠪᠯᠠᠬᠤ ᠲᠠᠢ ᠪᠠᠶᠢᠵᠤ᠂ ᠫᠠᠶᠢᠰᠠ ᠦᠨᠡᠮᠯᠡᠯ ᠨᠥᠬᠦᠨ ᠠᠪᠬᠤ᠂ ᠲᠡᠷᠭᠡ | ᠬᠥᠰᠬᠡ ᠶᠢᠨ ᠪᠠᠶᠢᠴᠠᠭᠠᠯᠲᠠ ᠠᠴᠠ ᠬᠡᠯᠲᠦᠷᠢᠭᠦᠯᠬᠦ ᠲᠡᠮᠳᠡᠭ ᠭᠤᠶᠤᠴᠢᠯᠠᠬᠤ ᠵᠡᠷᠭᠡ ᠲᠤᠬᠠᠶᠢᠯᠠᠭᠰᠠᠨ ᠠᠵᠢᠯ ᠢ | ᠭᠦᠢᠴᠡᠳᠬᠡᠵᠦ᠂ ᠠᠯᠠᠭᠠᠨ ᠳᠡᠭᠡᠷ᠎ᠡ ᠭᠡᠷᠡᠴᠢ ᠭᠠᠷᠭᠠᠨ ᠺᠣᠳ᠋ ᠢᠶᠠᠨ ᠭᠠᠷᠭᠠᠬᠤ ᠶᠢ ᠪᠡᠶᠡᠯᠡᠭᠦᠯᠵᠦ᠂ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠳᠡ ᠬᠡᠷᠡᠭᠯᠡᠬᠦ ᠠᠷᠭ᠎ᠠ ᠶᠢ ᠨᠠᠷᠢᠨ ᠲᠠᠶᠢᠯᠪᠤᠷᠢᠯᠠᠵᠤ ᠥᠭᠪᠡ᠃ | | ᠬᠡᠷᠡᠭᠯᠡᠭᠴᠢ ᠲᠡᠮᠳᠡᠭᠯᠡᠬᠦ | ᠨᠢᠭᠡᠴᠡ ᠶᠢᠨ ᠬᠡᠷᠡᠭᠯᠡᠭᠴᠢ ᠶᠢᠨ ᠲᠠᠩᠰᠠ ᠶᠢᠨ ᠨᠣᠮᠧᠷ ᠢ ᠬᠠᠤᠯᠢ ᠶᠢᠨ ᠡᠷᠬᠡᠲᠡᠨ᠂ ᠬᠠᠮᠢᠶᠠᠷᠤᠭᠴᠢ᠂ ᠡᠩ ᠤᠨ | ᠬᠡᠷᠡᠭᠯᠡᠭᠴᠢ ᠭᠡᠵᠦ ᠭᠤᠷᠪᠠᠨ ᠲᠥᠷᠥᠯ ᠳᠤ ᠬᠤᠪᠢᠶᠠᠵᠤ᠂ ᠬᠠᠤᠯᠢ ᠶᠢᠨ ᠡᠷᠬᠡᠲᠡᠨ ᠤ ᠬᠡᠷᠡᠭᠯᠡᠭᠴᠢ ᠬᠠᠷᠢᠶ᠎ᠠ | ᠭᠠᠵᠠᠷ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠴᠣᠩᠬᠤᠪᠴᠢ ᠨᠢᠭᠡᠴᠡ ᠶᠢᠨ ᠮᠡᠳᠡᠭᠡ | ᠵᠠᠩᠭᠢ ᠶᠢ ᠳᠠᠩᠰᠠᠯᠠᠭᠤᠯᠬᠤ ᠦᠶ᠎ᠡ ᠳᠤ ᠠᠶᠠᠨᠳᠠᠭᠠᠨ ᠪᠣᠶ ᠪᠣᠯᠭᠠᠵᠤ᠂ ᠬᠠᠮᠢᠶᠠᠷᠤᠭᠴᠢ ᠬᠡᠷᠡᠭᠯᠡᠭᠴᠢ ᠪᠠ ᠫᠠᠶᠢᠰᠠ | ᠦᠨᠡᠮᠯᠡᠯ ᠢᠶᠠᠨ ᠨᠥᠬᠦᠨ ᠰᠣᠯᠢᠵᠤ ᠠᠪᠬᠤ᠂ ᠲᠡᠷᠭᠡ ᠬᠥᠰᠬᠡ ᠶᠢᠨ ᠪᠠᠶᠢᠴᠠᠭᠠᠯᠲᠠ ᠠᠴᠠ ᠬᠡᠯᠲᠦᠷᠢᠭᠦᠯᠬᠦ ᠲᠡᠮᠳᠡᠭ ᠢ | ᠭᠤᠶᠤᠴᠢᠯᠠᠨ ᠠᠪᠬᠤ᠂ ᠲᠡᠷᠭᠡ ᠬᠥᠰᠬᠡ ᠶᠢᠨ ᠡᠯᠧᠺᠳ᠋ᠷᠣᠨ ᠲᠡᠷᠭᠡ ᠶᠠᠪᠤᠭᠤᠯᠬᠤ ᠦᠨᠡᠮᠯᠡᠯ ᠭᠤᠶᠤᠴᠢᠯᠠᠬᠤ ᠵᠡᠷᠭᠡ | ᠲᠤᠬᠠᠶᠢᠯᠠᠭᠰᠠᠨ ᠠᠵᠢᠯ ᠤᠨ ᠡᠩ ᠤᠨ ᠬᠡᠷᠡᠭᠯᠡᠭᠴᠢ ᠬᠠᠷᠢᠶ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠴᠣᠩᠬᠤᠪᠴᠢ ᠳᠤ ᠳᠠᠩᠰᠠᠯᠠᠭᠤᠯᠬᠤ ᠬᠡᠷᠡᠭᠲᠡᠶ᠃ | | ᠨᠢᠭᠡᠴᠡ ᠶᠢᠨ ᠳᠠᠩᠰᠠᠨ ᠤ ᠨᠣᠮᠧᠷ ᠢ ᠬᠡᠷᠡᠭᠯᠡᠭᠴᠢ ᠲᠤᠰ ᠬᠥᠮᠦᠨ ᠤ ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ | 12123︾ APP ᠳᠤ ᠲᠡᠮᠳᠡᠭᠯᠡᠭᠦᠯᠦᠭᠰᠡᠨ ᠤ ᠳᠠᠷᠠᠭ᠎ᠠ᠂ ᠡᠬᠢᠨ ᠤ ᠨᠢᠭᠤᠷ ᠤᠨ ᠪᠠᠷᠠᠭᠤᠨ ᠳᠡᠭᠡᠷ᠎ᠡ | ᠥᠨᠴᠥᠭ ᠢ ᠳᠠᠷᠤᠵᠤ ᠨᠢᠭᠡᠴᠡ ᠶᠢᠨ ᠬᠡᠷᠡᠭᠯᠡᠭᠴᠢ ᠶᠢᠨ ᠬᠡᠪᠯᠡᠯ ᠳᠤ ᠰᠣᠯᠢᠨ᠎ᠠ᠂ ᠬᠡᠷᠪᠡ ᠬᠡᠷᠡᠭᠯᠡᠭᠴᠢ ᠨᠢ ᠣᠯᠠᠨ | ᠨᠢᠭᠡᠴᠡ ᠳᠤ ᠬᠡᠷᠡᠭᠯᠡᠭᠴᠢ ᠪᠠᠶᠢᠪᠠᠯ᠂ ᠪᠣᠳᠠᠲᠠᠶ ᠨᠢᠭᠡᠴᠡ ᠶᠢ ᠰᠣᠩᠭᠤᠭᠰᠠᠨ ᠤ ᠳᠠᠷᠠᠭ᠎ᠠ ᠨᠢᠭᠡᠴᠡ ᠶᠢᠨ ᠬᠡᠷᠡᠭᠯᠡᠭᠴᠢ ᠶᠢᠨ | ᠬᠡᠪᠯᠡᠯ ᠤᠨ ᠡᠬᠢᠨ ᠤ ᠨᠢᠭᠤᠷ ᠲᠤ ᠣᠷᠣᠬᠤ ᠴᠢᠬᠤᠯᠠᠲᠠᠶ᠃ | ᠳᠠᠩᠰᠠᠨ ᠤ ᠳ᠋ᠤᠭᠠᠷ ᠤᠨ ᠬᠠᠮᠢᠶᠠᠷᠤᠯᠲᠠ | ᠬᠠᠮᠢᠶᠠᠷᠤᠭᠴᠢ ᠶᠢᠨ ᠬᠡᠷᠡᠭᠯᠡᠭᠴᠢ ᠰᠦᠯᠵᠢᠶᠡᠨ ᠳᠡᠭᠡᠷ᠎ᠡ ᠡᠩ ᠤᠨ ᠬᠡᠷᠡᠭᠯᠡᠭᠴᠢ ᠪᠠ ᠬᠡᠷᠡᠭᠯᠡᠭᠴᠢ ᠶᠢ ᠰᠢᠯᠵᠢᠭᠦᠯᠦᠨ | ᠭᠠᠷᠭᠠᠵᠤ ᠪᠣᠯᠤᠨ᠎ᠠ᠂ ᠨᠡᠪᠲᠡᠷᠡᠭᠦᠯᠦᠭᠰᠡᠨ ᠡᠩ ᠤᠨ ᠬᠡᠷᠡᠭᠯᠡᠭᠴᠢ ᠮᠠᠰᠢᠨ ᠲᠡᠷᠭᠡᠨ ᠤ ᠪᠠᠶᠢᠳᠠᠯ᠂ ᠵᠠᠮ | ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠲᠡᠮᠳᠡᠭᠯᠡᠯ ᠵᠡᠷᠭᠡ ᠶᠢ ᠪᠠᠶᠢᠴᠠᠭᠠᠨ ᠯᠠᠪᠯᠠᠵᠤ ᠪᠣᠯᠤᠨ᠎ᠠ᠃ ᠬᠡᠷᠡᠭᠯᠡᠬᠦ | ᠶᠠᠪᠤᠴᠠ ᠳᠤ ᠳᠣᠤᠷᠠᠬᠢ ᠵᠦᠢᠯᠡᠰ ᠢ ᠠᠩᠬᠠᠷᠬᠤ ᠬᠡᠷᠡᠭᠲᠡᠶ᠄ | ᠨᠢᠭᠡ ᠳᠤ᠂ ᠤᠤᠯ ᠤᠨ ᠬᠠᠷᠢᠶ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠴᠣᠩᠬᠤᠪᠴᠢ ᠳᠤ ᠳᠠᠩᠰᠠᠯᠠᠭᠤᠯᠤᠭᠰᠠᠨ ᠨᠢᠭᠡᠴᠡ ᠶᠢᠨ | ᠬᠡᠷᠡᠭᠯᠡᠭᠴᠢ ᠠᠴᠠ ᠰᠢᠭᠤᠳ ᠬᠡᠷᠡᠭᠯᠡᠵᠦ ᠪᠣᠯᠬᠤ ᠪᠥᠭᠡᠳ ᠫᠠᠶᠢᠰᠠ ᠦᠨᠡᠮᠯᠡᠯ ᠢᠶᠠᠨ ᠨᠥᠬᠦᠨ ᠠᠪᠬᠤ᠂ | ᠲᠡᠷᠭᠡ ᠬᠥᠰᠬᠡ ᠶᠢᠨ ᠪᠠᠶᠢᠴᠠᠭᠠᠯᠲᠠ ᠠᠴᠠ ᠬᠡᠯᠲᠦᠷᠢᠭᠦᠯᠬᠦ ᠲᠡᠮᠳᠡᠭ ᠢ ᠭᠤᠶᠤᠴᠢᠯᠠᠨ ᠠᠪᠬᠤ᠂ ᠲᠡᠷᠭᠡ ᠬᠥᠰᠬᠡ ᠶᠢᠨ | ᠡᠯᠧᠺᠳ᠋ᠷᠣᠨ ᠲᠡᠷᠭᠡ ᠶᠠᠪᠤᠭᠤᠯᠬᠤ ᠦᠨᠡᠮᠯᠡᠯ ᠭᠤᠶᠤᠴᠢᠯᠠᠬᠤ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠢ | ᠵᠥᠪᠰᠢᠶᠡᠷᠡᠨ᠎ᠡ᠃ | ᠬᠤᠶᠠᠷ ᠲᠤ᠂ ᠠᠳᠠᠯᠢ ᠨᠢᠭᠡ ᠨᠢᠭᠡᠴᠡ ᠶᠢᠨ ᠳᠣᠤᠷ᠎ᠠ 1 ᠬᠠᠮᠢᠶᠠᠷᠤᠭᠴᠢ ᠶᠢᠨ ᠲᠠᠩᠰᠠᠨ ᠨᠣᠮᠧᠷ ᠢ ᠳᠡᠩᠰᠡᠯᠡᠵᠦ | ᠪᠣᠯᠤᠨ᠎ᠠ᠂ ᠬᠠᠮᠤᠭ ᠠᠷᠪᠢᠨ ᠳᠠᠭᠠᠨ 10 ᠬᠡᠷᠡᠭᠯᠡᠭᠴᠢ ᠶᠢᠨ ᠲᠠᠩᠰᠠᠨ ᠨᠣᠮᠧᠷ ᠢ ᠭᠤᠶᠤᠴᠢᠯᠠᠨ ᠳᠠᠩᠰᠠᠯᠠᠭᠤᠯᠤᠨ᠎ᠠ᠃ | | ᠭᠤᠷᠪᠠ ᠳᠤ᠂ ᠠᠳᠠᠯᠢ ᠨᠢᠭᠡᠨ ᠬᠥᠮᠦᠨ ᠬᠠᠮᠤᠭ ᠣᠯᠠᠨ ᠳᠠᠭᠠᠨ 3 ᠠᠳᠠᠯᠢ ᠪᠤᠰᠤ ᠪᠠᠶᠢᠭᠤᠯᠤᠯᠭ᠎ᠠ ᠳᠤ | ᠳᠠᠩᠰᠠᠯᠠᠭᠤᠯᠤᠭᠰᠠᠨ ᠬᠡᠷᠡᠭᠯᠡᠭᠴᠢ ᠶᠢᠨ ᠳᠠᠩᠰᠠᠨ ᠤ ᠳ᠋ᠤᠭᠠᠷ ︵ᠬᠠᠤᠯᠢ ᠶᠢᠨ ᠡᠷᠬᠡᠲᠡᠨ ᠤ ᠬᠡᠷᠡᠭᠯᠡᠭᠴᠢ ᠶᠢᠨ | ᠳᠠᠩᠰᠠᠨ ᠤ ᠳ᠋ᠤᠭᠠᠷ ᠢ ᠨᠢ ᠬᠢᠵᠠᠭᠠᠷᠯᠠᠬᠤ ᠦᠭᠡᠶ︶ ᠪᠣᠯᠤᠨ᠎ᠠ᠃ | ᠮᠡᠳᠡᠭᠡ ᠵᠠᠩᠭᠢ ᠶᠢᠨ ᠰᠤᠷᠠᠭᠯᠠᠯ | ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123︾ APP ᠨᠢᠭᠡᠴᠡ ᠶᠢᠨ ᠬᠡᠷᠡᠭᠯᠡᠭᠴᠢ ᠶᠢᠨ | ᠬᠡᠪᠯᠡᠯ ᠢᠶᠠᠷ ᠳᠠᠮᠵᠢᠭᠤᠯᠤᠨ᠂ ᠬᠡᠷᠡᠭᠯᠡᠭᠴᠢᠳ ᠲᠣᠰ ᠨᠢᠭᠡᠴᠡ ᠶᠢᠨ ᠢᠶᠠᠨ ᠲᠡᠷᠭᠡ ᠬᠥᠰᠬᠡ ᠶᠢᠨ ᠮᠡᠳᠡᠭᠡ ᠵᠠᠩᠭᠢ | ᠵᠢᠴᠢ ᠲᠡᠷᠭᠡ ᠬᠥᠰᠬᠡ ᠶᠢᠨ ᠳᠠᠩᠰᠠᠯᠠᠭᠤᠯᠤᠭᠰᠠᠨ ᠵᠢᠯᠣᠭᠤᠴᠢ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ | ᠲᠡᠮᠳᠡᠭᠯᠡᠯ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ ᠪᠠᠶᠢᠴᠠᠭᠠᠨ ᠯᠠᠪᠯᠠᠵᠤ ᠪᠣᠯᠤᠨ᠎ᠠ᠃ ᠲᠤᠬᠠᠶᠢᠯᠠᠭᠰᠠᠨ | ᠠᠵᠢᠯ ᠭᠦᠢᠴᠡᠳᠭᠡᠬᠦ | ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123︾ APP ᠨᠢᠭᠡᠴᠡ ᠶᠢᠨ ᠬᠡᠷᠡᠭᠯᠡᠭᠴᠢ ᠶᠢᠨ | ᠬᠡᠪᠯᠡᠯ ᠢᠶᠠᠷ ᠳᠠᠮᠵᠢᠭᠤᠯᠤᠨ᠂ ᠬᠡᠷᠡᠭᠯᠡᠭᠴᠢ ᠨᠢ ᠲᠣᠰ ᠨᠢᠭᠡᠴᠡ ᠶᠢᠨ ᠢᠶᠠᠨ ᠨᠡᠷ᠎ᠡ ᠪᠠᠷ ᠲᠡᠷᠭᠡ ᠬᠥᠰᠬᠡ ᠪᠠᠷ ᠰᠢᠨ᠎ᠡ | ᠲᠡᠷᠭᠡ ᠰᠣᠩᠭᠤᠬᠤ ᠨᠣᠮᠧᠷ᠂ ᠲᠡᠷᠭᠡ ᠰᠣᠩᠭᠤᠬᠤ ᠨᠣᠮᠧᠷ᠂ ᠪᠥᠭᠡᠮ ᠢᠶᠠᠷ ᠬᠠᠷᠢᠯᠴᠠᠬᠤ ᠠᠷᠭ᠎ᠠ ᠮᠠᠶ᠋ᠢᠭ ᠢᠶᠠᠨ | ᠬᠤᠪᠢᠷᠠᠭᠤᠯᠬᠤ᠂ ᠮᠠᠰᠢᠨᠲᠤ ᠲᠡᠷᠭᠡᠨ ᠤ ᠬᠦᠴᠦᠨ ᠥᠬᠡᠶ ᠪᠣᠯᠭᠠᠭᠰᠠᠨ ᠭᠡᠷᠡᠴᠢ᠂ ᠫᠠᠶᠢᠰᠠ ᠦᠨᠡᠮᠯᠡᠯ ᠨᠥᠬᠦᠵᠦ | ᠰᠣᠯᠢᠬᠤ᠂ ᠲᠡᠷᠭᠡ ᠬᠥᠰᠬᠡ ᠶᠢᠨ ᠪᠠᠶᠢᠴᠠᠭᠠᠯᠲᠠ ᠠᠴᠠ ᠬᠡᠯᠲᠦᠷᠢᠭᠦᠯᠬᠦ ᠲᠡᠮᠳᠡᠭ ᠭᠤᠶᠤᠴᠢᠯᠠᠨ ᠠᠪᠬᠤ ᠵᠡᠷᠭᠡ | ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠤᠨ᠎ᠠ᠃ | ᠢᠯᠡ ᠬᠡᠷᠡᠴᠢᠯᠡᠬᠦ ᠺᠤᠳ᠋ | ᠨᠢᠭᠡᠴᠡ ᠶᠢᠨ ᠬᠡᠷᠡᠭᠯᠡᠭᠴᠢ ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123︾ APP ᠶᠢᠨ | ᠨᠢᠭᠡᠴᠡ ᠶᠢᠨ ᠬᠡᠷᠡᠭᠯᠡᠭᠴᠢ ᠶᠢᠨ ᠬᠡᠪᠯᠡᠯ ᠢᠶᠠᠷ ᠳᠠᠮᠵᠢᠭᠤᠯᠤᠨ ᠲᠣᠰ ᠨᠢᠭᠡᠴᠡ ᠶᠢᠨ ᠢᠶᠠᠨ ᠳᠣᠲᠣᠷᠠᠬᠢ ᠲᠡᠷᠭᠡ | ᠬᠥᠰᠬᠡ ᠶᠢᠨ ᠡᠯᠧᠺᠳ᠋ᠷᠣᠨ ᠵᠠᠮ ᠳᠤ ᠭᠠᠷᠬᠤ ᠦᠨᠡᠮᠯᠡᠯ᠂ ᠰᠢᠯᠭᠠᠨ ᠪᠠᠶᠢᠴᠠᠭᠠᠬᠤ ᠲᠡᠮᠳᠡᠭ ᠤᠨ ᠡᠯᠧᠺᠳ᠋ᠷᠣᠨ ᠭᠡᠷᠡᠴᠢ | ᠪᠠᠷᠢᠮᠲᠠ᠂ ᠮᠠᠰᠢᠨᠲᠤ ᠲᠡᠷᠭᠡᠨ ᠤ ᠬᠤᠶᠠᠷ ᠬᠡᠮᠵᠢᠯᠳᠦ ᠺᠣᠳ᠋᠂ ᠬᠤᠲᠠ ᠶᠢᠨ ᠪᠠᠷᠠᠭᠠᠨ ᠤ ᠲᠡᠷᠭᠡ ᠶᠢᠨ ᠨᠡᠪᠲᠡᠷᠡᠬᠦ ᠺᠣᠳ᠋ | ᠵᠡᠷᠭᠡ ᠶᠢ ᠪᠠᠶᠢᠴᠠᠭᠠᠨ ᠯᠠᠪᠯᠠᠵᠤ᠂ ᠲᠤᠬᠠᠶᠢᠯᠠᠭᠰᠠᠨ ᠠᠵᠢᠯ ᠭᠦᠢᠴᠡᠳᠬᠡᠬᠦ ᠳᠤ ᠨᠠᠩ ᠲᠥᠬᠦᠮ ᠪᠥᠭᠡᠳ ᠲᠦᠷᠭᠡᠨ | ᠪᠠᠶᠢᠳᠠᠭ᠃ | |