ᠦᠯᠵᠡᠶᠢᠮᠦ᠋ᠷᠡᠨ ᠰᠤᠮᠤ᠄ ᠡᠭᠦᠯᠳᠡᠷ ᠰᠠᠶᠢᠵᠢᠷᠠᠭᠤᠯᠵᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ ᠦᠬᠡᠷ ᠤᠨ ᠠᠵᠤ ᠦᠢᠯᠡᠰ ᠤᠨ ︽ᠰᠢᠨ᠎ᠡ ᠮᠠᠯᠵᠢᠯ ‍ᠤᠨ‌‍ᠲ᠋ᠠᠭᠤᠤ︾ ᠶᠢ ᠬᠠᠩᠭᠢᠨᠠᠭᠤᠯᠪᠠ
ᠨᠡᠶᠢᠲᠡᠯᠡᠭᠰᠡᠨ ᠴᠠᠭ᠄
2024/11/20
    ᠠᠯᠠᠰᠢᠨ ᠦᠬᠡᠷ ᠤᠨ ᠲᠥᠷᠥᠯ ᠵᠦᠢᠯ ᠤᠨ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠪᠣᠯ ᠠᠯᠠᠰᠢᠨ ᠦᠬᠡᠷ ᠤᠨ ᠴᠢᠨᠠᠷ ᠴᠢᠨᠰᠠᠭ᠎ᠠ ᠪᠠ ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠ ᠭᠤᠭᠴᠤᠭ᠎ᠠ ᠪᠣᠯᠤᠨ᠎ᠠ᠃ ᠣᠶᠢᠷ᠎ᠠ ᠶᠢᠨ ᠵᠢᠯ ᠳᠤ᠂ ᠵᠠᠷᠤᠳ ᠬᠤᠰᠢᠭᠤᠨ ᠤ ᠦᠯᠵᠡᠶᠢᠮᠦ᠋ᠷᠡᠨ ᠰᠤᠮᠤ ᠬᠢᠨ ᠣᠲᠣ ᠶᠢᠨ ᠪᠠᠶᠢᠭ᠎ᠠ ᠡᠭᠦᠯᠳᠡᠷ ᠤᠨ ᠡᠬᠢ ᠪᠠᠶᠠᠯᠢᠭ ᠲᠠᠭᠠᠨ ᠰᠠᠭᠤᠷᠢᠯᠠᠨ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠤᠨ ᠴᠢᠬᠤᠯᠠ ᠶᠡᠭᠡ ᠠᠵᠠ ᠲᠣᠬᠢᠶᠠᠯ ᠢ ᠴᠢᠩᠭ᠎ᠠ ᠠᠳᠬᠤᠵᠤ᠂ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠬᠡᠷᠡᠭᠴᠡᠭᠡ ᠶᠢᠨ ᠲᠣᠭᠤᠷᠢᠨ ᠳᠤ᠂ ᠠᠯᠠᠰᠢᠨ ᠦᠬᠡᠷ ᠤᠨ ᠡᠭᠦᠯᠳᠡᠷ ᠰᠠᠶᠢᠵᠢᠷᠠᠭᠤᠯᠬᠤ ᠮᠡᠷᠭᠡᠵᠢᠯ ᠢ ᠢᠳᠡᠪᠬᠢᠲᠡᠶ ᠳᠡᠯᠭᠡᠷᠡᠭᠦᠯᠵᠦ᠂ ᠡᠭᠦᠯᠳᠡᠷ ᠰᠠᠶᠢᠵᠢᠷᠠᠭᠤᠯᠬᠤ  ᠮᠡᠷᠭᠡᠵᠢᠯ ᠨᠢ ᠰᠢᠯᠭᠠᠷᠠᠭᠰᠠᠨ ᠡᠩᠨᠡᠭᠡ ᠶᠢ ᠪᠠᠶᠢᠭᠤᠯᠵᠤ᠂ ᠮᠠᠯ ᠠᠵᠤ ᠠᠬᠤᠶ ᠲᠡᠵᠢᠭᠡᠨ ᠦᠷᠡᠵᠢᠭᠦᠯᠬᠦ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠵᠤ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢ ᠶᠢ ᠪᠠᠬᠢᠵᠢᠭᠦᠯᠵᠦ᠂ ᠪᠥᠬᠦ ᠰᠤᠮᠤᠨ ᠤ ᠠᠯᠠᠰᠢᠨ ᠦᠬᠡᠷ ᠤᠨ ᠠᠵᠤ  ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃
1.jpg
    ᠲᠡᠰᠭᠢ ᠲᠣᠰᠬᠤᠨ ᠤ ᠮᠧᠩ ᠹᠠᠨ ᠦ᠋ ᠦᠬᠡᠷ ᠲᠡᠵᠢᠭᠡᠬᠦ ᠬᠠᠰᠢᠷ ᠲᠤᠷᠰᠢᠯᠭ᠎ᠠ ᠲᠠᠢ ᠪᠠᠶᠢᠵᠤ᠂ ᠥᠩᠭᠡᠷᠡᠭᠰᠡᠨ ᠳᠤ ᠶᠡᠷᠦ ᠨᠢ ᠨᠤᠲᠤᠭ ᠤᠨ ᠦᠬᠡᠷ ᠲᠡᠵᠢᠭᠡᠵᠦ ᠪᠠᠶᠢᠭᠰᠠᠨ ᠪᠣᠯᠪᠠᠴᠤ ᠠᠵᠤ ᠠᠬᠤᠢ ᠶᠢᠨ ᠦᠷ᠎ᠡ ᠠᠰᠢᠭ ᠨᠢ ᠢᠯᠡᠷᠬᠡᠢ ᠪᠢᠰᠢ ᠪᠠᠶᠢᠵᠠᠢ᠃ ᠣᠶᠢᠷ᠎ᠠ ᠶᠢᠨ ᠬᠤᠶᠠᠷ ᠵᠢᠯ ᠳᠤ᠂ ᠲᠡᠰᠭᠢ ᠲᠣᠰᠬᠤᠨ ᠪᠦᠬᠦᠶᠢᠯᠡ ᠲᠣᠰᠬᠤᠨ ᠢᠶᠠᠷ ᠢᠶᠠᠨ ᠦᠬᠡᠷ ᠤᠨ ᠡᠭᠦᠯᠳᠡᠷ ᠰᠠᠶᠢᠵᠢᠷᠠᠭᠤᠯᠬᠤ ᠵᠢᠱᠢᠶ᠎ᠡ ᠦᠵᠡᠭᠦᠯᠬᠦ ᠲᠣᠰᠬᠤᠨ ᠢ ᠠᠬᠢᠭᠤᠯᠤᠭᠰᠠᠨ ᠤ ᠳᠠᠷᠠᠭ᠎ᠠ᠂ ᠮᠧᠩ ᠹᠠᠨ ᠡᠤ ᠠᠵᠠ ᠲᠣᠬᠢᠶᠠᠯ ᠢ ᠠᠮᠵᠢᠨ᠂ ᠴᠢᠨᠠᠷ ᠰᠠᠶᠢᠲᠠᠶ ᠢᠴᠡᠭᠡᠯ ᠦᠷ᠎ᠡ ᠶᠢᠨ ᠲᠥᠷᠥᠯ ᠵᠦᠢᠯ ᠢᠶᠠᠷ ᠳᠠᠮᠵᠢᠭᠤᠯᠤᠨ᠂ ᠥᠪᠡᠷ ᠤᠨ ᠦᠬᠡᠷ ᠤᠨ ᠰᠦᠷᠦᠭ ᠢᠶᠠᠨ ᠡᠭᠦᠯᠳᠡᠷ ᠰᠠᠶᠢᠵᠢᠷᠠᠭᠤᠯᠵᠤ᠂ ᠠᠯᠠᠰᠢᠨ ᠦᠬᠡᠷ ᠤᠨ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠪᠡ᠃
2.jpg   
    ᠮᠧᠩ ᠹᠠᠨ ᠦ᠋ ᠬᠡᠯᠡᠭᠰᠡᠨ ᠨᠢ᠄ ︽ᠡᠭᠦᠯᠳᠡᠷ ᠰᠠᠶᠢᠵᠢᠷᠠᠭᠤᠯᠤᠭᠰᠠᠨ ᠤ ᠳᠠᠷᠠᠭᠠᠬᠢ ᠦᠬᠡᠷ ᠤᠨ ᠥᠰᠥᠯᠲᠡ ᠶᠢᠨ ᠬᠤᠷᠳᠤᠴᠠ ᠨᠢ ᠲᠦᠷᠭᠡᠨ᠂ ᠵᠠᠬ᠎ᠠ ᠳᠡᠯᠭᠡᠭᠦᠷ ᠤᠨ ᠮᠡᠳᠡᠷᠡᠮᠵᠢ ᠶᠢᠨ ᠬᠡᠮᠵᠢᠶ᠎ᠡ ᠨᠢ ᠥᠨᠳᠥᠷ᠂  ᠲᠡᠵᠢᠭᠡᠪᠦᠷᠢ ᠶᠢᠨ ᠦᠷ᠎ᠡ ᠠᠰᠢᠭ  ᠨᠢ ᠰᠠᠶᠢᠨ ᠪᠠᠶᠢᠵᠤ ᠂ ᠨᠤᠲᠤᠭ ᠤᠨ ᠦᠬᠡᠷ ᠤᠨ ᠦᠨ᠎ᠡ ᠠᠴᠠ ᠬᠤᠶᠠᠷ ᠳᠠᠬᠢᠨ ᠨᠡᠮᠡᠭᠳᠡᠵᠦ ᠂ ᠣᠶᠢᠷ᠎ᠠ  ᠳᠤ ᠮᠠᠨ ᠤ ᠭᠡᠷ 7 ᠦᠬᠡᠷ ᠬᠤᠳᠠᠯᠳᠤᠵᠦ ᠂ ᠲᠣᠯᠤᠭᠠᠢ ᠪᠦᠷᠢ ᠳᠤ 5300 ᠲᠦᠭᠦᠷᠢᠭ ᠬᠦᠷᠪᠡ︾ ᠭᠡᠪᠡ ᠃    ᠲᠡᠰᠭᠢ ᠲᠣᠰᠬᠤᠨ ᠢ 2022 ᠣᠨ ᠳᠤ ᠤᠯᠠᠭᠠᠨ ᠦᠬᠡᠷ ᠤᠨ ᠡᠭᠦᠯᠳᠡᠷ ᠰᠠᠶᠢᠵᠢᠷᠠᠭᠤᠯᠬᠤ ᠵᠢᠱᠢᠶ᠎ᠡ ᠦᠵᠡᠭᠦᠯᠬᠦ ᠲᠣᠰᠬᠤᠨ ᠢᠶᠠᠷ ᠠᠬᠢᠭᠤᠯᠤᠭᠰᠠᠨ ᠤ ᠳᠠᠷᠠᠭ᠎ᠠ᠂ ᠴᠢᠨᠠᠷ ᠰᠠᠶᠢᠲᠠᠶ ᠢᠴᠡᠭᠡᠯ ᠦᠷ᠎ᠡ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠭᠰᠠᠨ ᠪᠥᠭᠡᠳ ︽ᠴᠢᠨᠠᠷ ᠰᠠᠶᠢᠲᠠᠶ ᠢᠴᠡᠭᠡᠯ ᠦᠷ᠎ᠡ ᠶᠢᠨ ᠲᠤᠭᠤᠯ ᠢ ᠲᠠᠪᠤᠨ ᠵᠢᠯ ᠤᠨ ᠬᠤᠭᠤᠴᠠᠭ᠎ᠠ ᠳᠤ ᠪᠣᠷᠣᠯᠠᠭᠤᠯᠬᠤ ᠶᠢ ᠴᠠᠭᠠᠵᠠᠯᠠᠬᠤ︾ ᠵᠠᠷᠴᠢᠮ ᠶᠣᠰᠣᠭᠠᠷ᠂ ᠭᠤᠷᠪᠠᠨ ᠵᠢᠯ ᠤᠨ ᠬᠤᠭᠤᠴᠠᠭᠠᠨ ᠳᠤ ᠪᠥᠬᠦ ᠲᠣᠰᠬᠤᠨ ᠤ ᠣᠲᠣ ᠶᠢᠨ ᠪᠠᠶᠢᠭ᠎ᠠ ᠡᠬᠡ ᠮᠠᠯ ᠢ ᠪᠦᠬᠦᠨ ᠢ ᠡᠭᠦᠯᠳᠡᠷ ᠰᠠᠶᠢᠵᠢᠷᠠᠭᠤᠯᠤᠭᠰᠠᠨ ᠰᠠᠶᠢᠨ ᠡᠬᠡ  ᠮᠠᠯ ᠪᠣᠯᠭᠠᠨ ᠦᠷᠡᠵᠢᠭᠦᠯᠪᠡ᠃
3.jpg   
    ᠡᠨᠡ ᠬᠡᠳᠦᠨ ᠡᠳᠦᠷ᠂ ᠰᠤᠮᠤ ᠲᠣᠰᠬᠤᠨ ᠤ ᠬᠤᠶᠠᠷ ᠱᠠᠲᠤᠨ ᠤ ᠬᠢᠵᠢᠭ ᠰᠡᠷᠭᠡᠶᠢᠯᠡᠭᠴᠢ ᠡᠴᠠ‌ᠡᠷᠦᠬᠡ ᠳᠤ ᠬᠦᠷᠴᠦ ᠰᠢᠨ᠎ᠡ ᠲᠥᠷᠥᠭᠰᠡᠨ ᠲᠤᠭᠤᠯ  ᠳᠤ ᠴᠢᠬᠢᠨ ᠤ  ᠱᠤᠰᠢᠭ᠎ᠠ ᠬᠠᠳᠠᠵᠦ ᠂ ᠡᠨᠡ ᠨᠢ  ᠡᠭᠦᠯᠳᠡᠷ ᠰᠠᠶᠢᠵᠢᠷᠠᠭᠤᠯᠬᠤ ᠠᠵᠢᠯ ᠤᠨ ᠪᠠᠰᠠ ᠨᠢᠭᠡᠨ ᠮᠥᠨ ᠴᠢᠨᠠᠷ ᠤᠨ ᠠᠬᠢᠴᠠ ᠶᠢ ᠬᠠᠷᠠᠭᠤᠯᠵᠤ ᠪᠠᠶᠢᠨ᠎ᠠ᠃ ︽ᠤᠯᠠᠭᠠᠨ ᠦᠬᠡᠷ ᠤᠨ ᠡᠭᠦᠯᠳᠡᠷ ᠰᠠᠶᠢᠵᠢᠷᠠᠭᠤᠯᠬᠤ ᠮᠡᠷᠭᠡᠵᠢᠯ ᠢ ᠲᠤᠰ ᠭᠠᠵᠠᠷ ᠲᠤ ᠪᠠᠨ‌ᠨᠠᠶᠢᠳᠠᠪᠤᠷᠢᠵᠢᠭᠤᠯᠤᠨ ᠬᠤᠪᠢᠷᠠᠭᠤᠯᠬᠤ ᠶᠢ ᠪᠠᠲᠤᠯᠠᠬᠤ ᠶᠢᠨ ᠲᠥᠯᠥᠭᠡ᠂ ᠦᠯᠵᠡᠶᠢᠮᠦ᠋ᠷᠡᠨ ᠰᠤᠮᠤ ᠵᠢᠯ ᠪᠦᠷᠢ 1000 ᠰᠢᠯᠢᠳᠡᠭ ᠢᠴᠡᠭᠡᠯ ᠦᠷ᠎ᠡ ᠣᠯᠭᠤᠵᠤ᠂ ᠲᠡᠰᠬᠢ ᠲᠣᠰᠬᠤᠨ ᠤ ᠡᠭᠦᠯᠳᠡᠷ ᠰᠠᠶᠢᠵᠢᠷᠠᠭᠤᠯᠬᠤ ᠠᠵᠢᠯ ᠢ ᠥᠷᠨᠢᠭᠦᠯᠬᠦ ᠳᠤ ᠬᠡᠷᠡᠭᠯᠡᠭᠰᠡᠨ ᠪᠠᠶᠢᠨ᠎ᠠ᠃ ᠲᠠᠪᠤᠨ ᠵᠢᠯ ᠤᠨ ᠳᠣᠲᠤᠷ᠎ᠠ ᠪᠣᠷᠣᠯᠠᠭᠤᠯᠬᠤ ᠶᠢ ᠴᠠᠭᠠᠵᠠᠯᠠᠬᠤ  ᠱᠠᠭᠠᠷᠳᠠᠯᠭ᠎ᠠ ᠶᠣᠰᠣᠭᠠᠷ᠂ ᠮᠠᠯᠴᠢᠨ ᠲᠠᠷᠢᠶᠠᠴᠢᠨ ᠡᠷᠦᠬᠡ ᠲᠠᠢ ᠬᠡᠯᠡᠯᠴᠡᠭᠡᠷ ᠤᠨ ᠪᠢᠴᠢᠭ ᠲᠣᠭᠲᠠᠬᠤ ᠲᠠᠰᠢᠷᠠᠮ ᠳᠤ᠂ ᠪᠠᠰᠠ ᠰᠢᠨ᠎ᠡ ᠲᠥᠷᠥᠭᠰᠡᠨ ᠲᠤᠭᠤᠯ  ᠳᠤ ᠴᠢᠬᠢᠨ ᠤ ᠱᠤᠰᠢᠭ᠎ᠠ ᠬᠠᠳᠠᠵᠤ ᠂ ᠲᠠᠪᠤᠨ ᠵᠢᠯ ᠤᠨ ᠳᠣᠲᠦᠷ᠎ᠠ ᠪᠣᠷᠣᠯᠠᠭᠤᠯᠬᠤ ᠶᠢ ᠴᠠᠭᠠᠵᠠᠯᠠᠬᠤ ᠬᠠᠮᠢᠶᠠᠷᠤᠯᠲᠠ ᠶᠢᠨ ᠠᠵᠢᠯ ᠢ ᠬᠡᠷᠡᠭᠵᠢᠭᠦᠯᠦᠨ᠎ᠡ᠃ ᠲᠡᠰᠭᠢ ᠲᠣᠰᠬᠤᠨ ᠳᠤ 92 ᠡᠷᠦᠬᠡ ᠦᠬᠡᠷ ᠲᠡᠵᠢᠭᠡᠵᠦ᠂ ᠢᠯᠠᠩᠭᠤᠶ᠎ᠠ ᠣᠷᠣᠯᠭ᠎ᠠ ᠪᠠᠭᠠᠲᠠᠶ ᠬᠡᠷ ᠪᠦᠯᠢ ᠡᠭᠦᠯᠳᠡᠷ ᠰᠠᠶᠢᠵᠢᠷᠠᠭᠤᠯᠤᠨ ᠲᠦᠯ ᠣᠯᠤᠭᠰᠠ ᠤ ᠳᠠᠷᠠᠭ᠎ᠠ 800 ᠲᠥᠭᠦᠷᠢᠭ ᠤᠨ ᠨᠥᠬᠦᠪᠥᠷᠢ ᠣᠯᠭᠤᠬᠤ ᠶᠢᠨ ᠬᠠᠮᠲᠤ ᠡᠭᠦᠯᠳᠡᠷ ᠰᠠᠶᠢᠵᠢᠷᠠᠭᠤᠯᠤᠭᠴᠢ ᠳᠤ ᠱᠠᠩᠨᠠᠯ ᠨᠥᠬᠦᠪᠥᠷᠢ ᠣᠯᠭᠤᠵᠤ᠂ ᠲᠡᠵᠢᠭᠡᠪᠦᠷᠢ ᠶᠢᠨ ᠡᠷᠦᠬᠡ ᠶᠢᠨ ᠴᠢᠨᠠᠷ ᠰᠠᠶᠢᠲᠠᠶ ᠢᠴᠡᠭᠡᠯ ᠦᠷ᠎ᠡ  ᠶᠢ ᠬᠡᠷᠡᠭᠯᠡᠨ ᠡᠭᠦᠯᠳᠡᠷ ᠰᠠᠶᠢᠵᠢᠷᠠᠭᠤᠯᠬᠤ ᠶᠢ ᠵᠣᠷᠢᠭᠵᠢᠭᠤᠯᠪᠠ︾ ᠭᠡᠵᠦ ᠦᠯᠵᠡᠶᠢᠮᠦᠷᠡᠨ ᠰᠤᠮᠤ ᠶᠢᠨ ᠳᠡᠳ᠋ ᠰᠤᠮᠤᠨ ᠳᠠᠷᠤᠭ᠎ᠠ ᠼᠤᠤ ᠯᠠᠨ ᠬᠠᠶ ᠲᠠᠨᠢᠯᠴᠠᠭᠤᠯᠤᠭᠰᠠᠨ ᠪᠠᠶᠢᠨ᠎ᠠ ᠃
5.jpg   
    ᠤᠢᠢᠷ᠎ᠠ ᠶᠢᠨ ᠵᠢᠯ ᠠᠴᠠ᠂ ᠦᠯᠵᠡᠶᠢᠮᠦ᠋ᠷᠡᠨ ᠰᠤᠮᠤ ᠡᠬᠦᠯᠳᠡᠷ ᠰᠠᠶᠢᠵᠢᠷᠠᠭᠤᠯᠤᠭᠰᠠᠨ ᠦᠬᠡᠷ᠂ ᠠᠯᠠᠰᠢᠨ‌ᠦᠬᠡᠷ ᠵᠡᠷᠭᠡ ᠦᠬᠡᠷ ᠤᠨ ᠠᠵᠤ ᠦᠢᠯᠡᠰ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠠᠭᠠᠨ ᠦᠬᠡᠷ ᠤᠨ ᠡᠭᠦᠯᠳᠡᠷ ᠰᠠᠶᠢᠵᠢᠷᠠᠭᠤᠯᠤᠯᠲᠠ ᠶᠢ ᠲᠦᠷᠭᠡᠳᠬᠡᠨ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠦᠬᠡᠷ ᠤᠨ ᠠᠵᠤ ᠦᠢᠯᠡᠰ ᠤᠨ ︽  ᠡᠭᠦᠯᠳᠡᠷ ᠰᠠᠶᠢᠵᠢᠷᠠᠭᠤᠯᠬᠤ᠂ ᠦᠷᠡᠵᠢᠭᠦᠯᠬᠦ᠂ ᠪᠤᠶᠢᠵᠢᠭᠤᠯᠬᠤ︾ ᠶᠢ ᠨᠢᠭᠡ ᠴᠤᠬᠴᠠᠵᠢᠭᠤᠯᠤᠬᠰᠠᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠷᠢᠰᠢᠯ ᠢ ᠴᠢᠷᠮᠠᠶᠢᠨ ᠪᠦᠷᠢᠯᠳᠦᠭᠦᠯᠪᠡ᠃ ᠣᠳᠣᠬᠠᠨ ᠳᠤ᠂ ᠦᠯᠵᠡᠶᠢᠮᠦ᠋ᠷᠡᠨ ᠰᠤᠮᠤ ᠶᠢᠨ ᠦᠬᠡᠷ ᠤᠨ ᠲᠤᠭ᠎ᠠ  ᠲᠣᠯᠣᠭᠠᠢ 4.5 ᠲᠦᠮᠡ ᠳᠤ ᠬᠦᠷᠴᠦ᠂ ᠡᠭᠦᠯᠳᠡᠷ ᠰᠠᠶᠢᠵᠢᠷᠠᠭᠤᠯᠤᠭᠰᠠᠨ ᠨᠣᠷᠮ᠎ᠠ 90% ᠠᠴᠠ ᠳᠡᠭᠡᠭᠰᠢ ᠬᠦᠷᠭᠡᠪᠡ᠃   
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号