| 11 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ | ᠵᠥᠪᠯᠡᠯ ᠠᠴᠠ ᠭᠤᠤᠯᠯᠠᠨ ᠡᠷᠬᠢᠯᠡᠭᠰᠡᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ | ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠲᠦᠩᠯᠢᠶᠣᠤ ᠳᠤ ᠭᠤᠤᠯ | ᠰᠡᠳᠦᠪᠲᠦ ᠤᠬᠠᠭᠤᠯᠤᠨ ᠲᠠᠶᠢᠯᠪᠣᠷᠢᠯᠠᠯᠲᠠ ᠬᠢᠬᠦ ᠵᠢᠴᠢ ︽ᠠᠨᠠᠷ ᠤᠨ ᠦᠷ᠎ᠡ +e - ᠲᠥᠷᠥ ᠶᠢᠨ ᠪᠣᠳᠣᠯᠭ᠎ᠠ | ᠬᠦᠷᠭᠡᠵᠦ ᠮᠡᠷᠭᠡᠵᠢᠯ ᠤᠨ ᠦᠢᠯᠡᠴᠢᠯᠡᠭᠡ ᠬᠦᠷᠭᠡᠬᠦ︾ ᠠᠵᠢᠯᠯᠠᠭ᠎ᠠ ᠵᠠᠷᠤᠳ ᠬᠤᠰᠢᠭᠤᠨ ᠳᠤ ᠶᠠᠪᠤᠭᠳᠠᠪᠠ᠃ | ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠦᠭᠡ ᠬᠡᠯᠡ ᠦᠰᠦᠭ ᠪᠢᠴᠢᠭ ᠤᠨ ᠰᠤᠳᠤᠯᠭᠠᠨ ᠤ | ᠬᠡᠷᠡᠭᠯᠡᠭᠡᠨ ᠤ ᠲᠥᠪ ᠤᠨ ᠤᠬᠠᠭᠤᠯᠤᠨ ᠳᠡᠯᠭᠡᠷᠡᠭᠦᠯᠬᠦ ᠰᠠᠯᠠᠭᠠᠨ ᠤ ᠬᠠᠷᠢᠭᠤᠴᠠᠯᠭᠠᠲᠠᠨ ᠨᠠᠷᠠᠩᠭᠤᠸ᠎ᠠ ᠪᠣᠯᠤᠨ | ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠳᠡᠳ᠋ ᠡᠷᠬᠢᠯᠡᠭᠴᠢ ᠮᠠ ᠾᠦᠢ ᠶᠠᠨ᠂ ᠬᠤᠰᠢᠭᠤᠨ ᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠩ ᠳ᠋ᠠ ᠫᠧᠩ | ᠨᠠᠷ ᠠᠵᠢᠯᠯᠠᠭ᠎ᠠ ᠳᠤ ᠣᠷᠣᠯᠴᠠᠪᠠ᠃ | ᠠᠵᠢᠯᠯᠠᠭ᠎ᠠ ᠳᠤ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠮᠠᠷᠺᠰ ᠤᠨ ᠦᠵᠡᠯ ᠤᠨ | ᠳᠡᠭᠡᠳᠦ ᠰᠤᠷᠭᠠᠭᠤᠯᠢ ᠶᠢᠨ ᠫᠷᠤᠹᠧᠰᠰᠤᠷ ᠪᠦᠬᠡ ︽ᠥᠭᠡᠷᠡᠴᠢᠯᠡᠯᠲᠡ ᠨᠡᠭᠡᠭᠡᠯᠳᠠ ᠶᠢ ᠤᠯᠠᠮ ᠴᠢᠨᠠᠭᠰᠢᠳᠠ ᠪᠦᠬᠦ | ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠷᠭᠡᠨ ᠠᠭᠤᠳᠠᠮ | ᠢᠷᠡᠭᠡᠳᠦᠢ ᠶᠢ ᠴᠣᠭᠴᠠᠯᠠᠶ᠎ᠠ︾ ᠭᠡᠬᠦ ᠰᠡᠳᠦᠪ ᠢᠶᠠᠷ ᠲᠤᠰᠬᠠᠢ ᠰᠡᠳᠦᠪᠲᠦ ᠲᠠᠶᠢᠯᠤᠮᠵᠢ ᠬᠢᠪᠡ᠃ | ᠡᠭᠦᠨ ᠤ ᠬᠠᠮᠲᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ | ᠨᠡᠶᠢᠲᠡ-- ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠮᠣᠩᠭᠤᠯ ᠡᠮᠨᠡᠯᠭᠡ ᠶᠢᠨ | ᠬᠤᠷᠢᠶ᠎ᠠ ᠠᠴᠠ ᠬᠤᠳᠣᠭᠤᠳᠤᠨ ᠤ ᠡᠪᠡᠳᠴᠢᠨ ᠢ ᠵᠠᠰᠠᠬᠤ ᠰᠠᠯᠠᠭᠠᠨ ᠤ ᠬᠤᠶᠠᠷ ᠡᠮᠴᠢ ᠶᠢ ᠲᠣᠮᠢᠯᠠᠵᠤ᠂ | ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠳᠤ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡᠨ ᠤ | ᠠᠵᠢᠯᠯᠠᠭ᠎ᠠ ᠥᠷᠨᠢᠭᠦᠯᠪᠡ᠃ ᠲᠤᠰᠬᠠᠶ ᠮᠡᠷᠭᠡᠵᠢᠯᠲᠡᠳ ᠢᠷᠡᠭᠰᠡᠨ ᠠᠷᠠᠳ ᠢᠷᠭᠡᠳ ᠤᠨ ᠣᠯᠠᠨ ᠲᠦᠮᠡᠨ ᠤ ᠪᠡᠶ᠎ᠡ ᠶᠢᠨ | ᠪᠠᠶᠢᠳᠠᠯ ᠢ ᠠᠰᠠᠭᠤᠨ ᠯᠠᠪᠯᠠᠵᠤ᠂ ᠡᠮ ᠬᠡᠷᠡᠭᠯᠡᠬᠦ ᠶᠢ ᠵᠢᠯᠣᠭᠤᠳᠣᠵᠤ᠂ ᠪᠠᠰᠠ ᠡᠪᠡᠳᠴᠢᠨ ᠡᠮᠭᠡᠭ ᠢ ᠬᠡᠷᠬᠢᠨ ᠵᠥᠪ | ᠣᠨᠣᠪᠴᠢᠲᠠᠶ ᠰᠡᠷᠭᠡᠶᠢᠯᠡᠨ ᠵᠠᠰᠠᠬᠤ ᠲᠣᠬᠠᠢ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠡᠷᠡᠭᠦᠯ | ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠪᠠ ᠳᠠᠳᠬᠠᠯ ᠲᠠᠢ ᠪᠣᠯᠬᠤ ᠶᠢ ᠬᠦᠲᠦᠯᠦᠨ ᠵᠢᠯᠣᠭᠤᠳᠪᠠ᠃ | ᠠᠵᠢᠯᠯᠠᠭ᠎ᠠ ᠶᠢᠨ ᠬᠤᠭᠤᠴᠠᠭᠠᠨ ᠳᠤ᠂ ᠰᠣᠷᠭᠠᠯᠲᠠᠳ ᠤᠷᠢᠳ ᠬᠤᠵᠢᠳ ᠡᠮᠦᠨ᠎ᠡ ᠪᠤᠯᠠᠭᠲᠤ ᠮᠦᠽᠧᠶ᠂ | ᠬᠤᠰᠢᠭᠤᠨ ᠤ ᠪᠠᠷ ᠵᠢᠷᠤᠭ ᠤᠨ ᠬᠦᠷᠢᠶᠡᠯᠡᠩ ᠳᠤ ᠭᠦᠨᠵᠡᠭᠡᠶᠢᠷᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠣᠳᠬᠠᠬᠤ ᠵᠢᠭᠠᠨ ᠰᠤᠷᠭᠠᠯᠲᠠ ᠶᠢᠨ ᠠᠵᠢᠯᠯᠠᠭ᠎ᠠ ᠥᠷᠨᠢᠭᠦᠯᠪᠡ᠃ ᠰᠣᠷᠭᠠᠯᠲᠠᠳ ᠢᠶᠠᠨ | ᠳᠠᠭᠠᠭᠤᠯᠤᠨ ᠮᠦᠽᠧᠶ ᠳᠤ ᠬᠦᠷᠴᠦ᠂ᠡᠨᠡᠬᠦ ᠪᠡᠶᠡᠴᠢᠯᠡᠨ ᠣᠶᠢᠯᠠᠭᠠᠬᠤ ᠬᠡᠯᠪᠡᠷᠢ ᠶᠢᠨ ᠵᠢᠭᠠᠨ ᠰᠤᠷᠭᠠᠯᠲᠠ ᠪᠠᠷ | ᠳᠠᠮᠵᠢᠭᠤᠯᠣᠨ᠂ ᠦᠨᠳᠦᠰᠦᠲᠡᠨ ᠤ ᠰᠣᠶᠣᠯ ᠤᠨ ᠠᠭᠤᠰᠤᠯᠴᠠᠯ ᠤᠨ ᠭᠤᠶᠤ ᠰᠠᠶᠢᠬᠠᠨ ᠲᠠᠯ᠎ᠠ ᠶᠢ ᠣᠶᠢᠯᠠᠭᠠᠭᠤᠯᠵᠤ᠂ | ᠦᠨᠳᠦᠰᠦᠲᠡᠨ ᠤ ᠪᠦᠯᠬᠦᠮᠳᠡᠯ ᠤᠨ ᠰᠣᠶᠣᠯ ᠤᠨ ᠦᠨᠳᠦᠰᠦ ᠰᠤᠷᠪᠤᠯᠵᠢ ᠶᠢ ᠡᠷᠢᠯᠬᠢᠯᠡᠪᠡ︔ ᠵᠠᠷᠤᠳ ᠤᠨ ᠪᠠᠷ | ᠵᠢᠷᠤᠭ ᠤᠨ ᠬᠦᠷᠢᠶᠡᠯᠡᠩ ᠳᠤ ᠡᠨᠡᠬᠦ ᠪᠣᠳᠠᠰ ᠤᠨ ᠪᠤᠰᠤ ᠰᠣᠶᠣᠯ ᠤᠨ ᠥᠪ ᠤᠨ ᠦᠪᠡᠷᠮᠢᠴᠡ ᠷᠢᠳᠢ ᠰᠢᠳᠢ ᠪᠣᠯᠤᠨ | ᠨᠠᠷᠢᠯᠢᠭ ᠬᠢᠴᠡ ᠶᠢ ᠣᠶᠢᠯᠠᠭᠠᠵᠤ᠂ ᠰᠣᠶᠣᠯ ᠤᠨ ᠢᠲᠡᠭᠡᠯ ᠢᠶᠠᠨ ᠪᠠᠲᠣᠳᠬᠠᠪᠠ᠃ | ᠲᠣᠰ ᠤᠳᠠᠭᠠᠨ ᠤ ᠠᠵᠢᠯᠯᠠᠭ᠎ᠠ ᠨᠢ ᠬᠤᠶᠠᠷ ᠡᠳᠦᠷ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠭᠤᠤᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠣᠷᠣᠨ | ᠨᠤᠲᠤᠭ ᠤᠨ ᠦᠭᠡ ᠬᠡᠯᠡ ᠥᠰᠥᠭ ᠪᠢᠴᠢᠭ ᠤᠨ ᠰᠤᠳᠤᠯᠭᠠᠨ ᠤ ᠬᠡᠷᠡᠭᠯᠡᠭᠡᠨ ᠤ ᠲᠥᠪ᠂ ᠬᠤᠲᠠ ᠶᠢᠨ | ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠪᠠ ᠬᠤᠰᠢᠭᠤᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ | ᠬᠡᠯᠲᠡᠰ᠂ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠬᠠᠮᠲᠤ ᠪᠠᠷ ᠳᠠᠭᠠᠭᠠᠨ ᠡᠷᠭᠢᠯᠡᠵᠦ᠂ ᠲᠤᠰᠬᠠᠶ | ᠰᠡᠳᠦᠪᠲᠦ ᠤᠬᠠᠭᠤᠯᠤᠨ ᠲᠠᠶᠢᠯᠪᠤᠷᠢᠯᠠᠬᠤ᠂ ᠡᠷᠡᠭᠦᠯ ᠮᠡᠨᠳᠦ ᠶᠢᠨ ᠲᠠᠶᠢᠯᠤᠮᠵᠢ ᠬᠢᠬᠦ᠂ ᠠᠯᠪᠠᠨ ᠵᠢᠷᠤᠮ ᠤᠨ | ᠡᠮᠴᠢᠯᠡᠭᠡᠨ ᠤ ᠦᠢᠯᠡᠴᠢᠯᠡᠭᠡ᠂ ᠬᠠᠶᠢᠷ᠎ᠠ ᠬᠠᠯᠠᠮᠵᠢ ᠬᠠᠨᠳᠢᠪᠯᠠᠬᠤ᠂ ᠲᠤᠬᠠᠶ ᠶᠢᠨ ᠲᠠᠯᠠᠪᠤᠷ ᠲᠤ ᠵᠢᠭᠠᠨ ᠰᠤᠷᠭᠠᠬᠤ᠂ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠵᠡᠷᠭᠡ ᠡᠯᠪᠡᠭ ᠪᠠᠶᠠᠯᠢᠭ | ᠠᠭᠤᠯᠭ᠎ᠠ ᠲᠠᠢ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠤ | ᠰᠣᠨᠣᠰᠬᠤ ᠳᠤᠷᠠᠲᠠᠶ᠂ ᠮᠡᠳᠡᠷᠡᠵᠦ ᠳᠡᠶᠢᠯᠬᠦ ᠠᠷᠭ᠎ᠠ ᠮᠠᠶ᠋ᠢᠭ ᠢᠶᠠᠷ ᠳᠠᠮᠵᠢᠭᠤᠯᠣᠨ ᠨᠠᠮ ᠤᠨ ᠭᠡᠰᠢᠭᠦᠨ ᠺᠠᠳ᠋ᠷ ᠪᠠ | ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠭ ᠰᠠᠨᠠᠭ᠎ᠠ ᠪᠠᠨ ᠥᠯᠥ ᠮᠠᠷᠲᠠᠵᠤ ᠨᠠᠮ ᠤᠨ ᠠᠴᠢ ᠶᠢ ᠮᠡᠳᠡᠷᠡᠬᠦ᠂ | ᠡᠷᠡᠰ ᠭᠤᠶᠢᠪᠢᠰᠢ ᠥᠬᠡᠶ ᠪᠠᠷ ᠨᠠᠮ ᠢᠶᠠᠨ ᠳᠠᠭᠠᠬᠤ ᠶᠢ ᠬᠦᠮᠦᠵᠢᠭᠦᠯᠦᠨ ᠬᠦᠲᠦᠯᠦᠨ ᠵᠢᠯᠣᠭᠤᠳᠴᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠪᠠᠷᠢᠮᠲᠠᠯᠠᠪᠠ᠃ | ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠨᠢᠭᠡᠴᠡ ᠶᠢᠨ ᠲᠤᠰᠢᠶᠠᠯ | ᠬᠠᠪᠰᠤᠷᠭᠠᠭᠰᠠᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠰᠢᠰᠲ᠋ᠧᠮ ᠤᠨ ᠺᠠᠳ᠋ᠷ | ᠠᠵᠢᠯᠲᠠᠨ ᠤ ᠲᠥᠯᠥᠭᠡᠯᠡᠭᠴᠢ ᠪᠠ ᠡᠯ᠎ᠡ ᠰᠤᠮᠤ ᠪᠠᠯᠭᠠᠰᠤ ᠲᠠᠯᠠᠪᠠᠢ ︵ᠵᠡᠭᠡᠯᠢ ᠭᠤᠳᠤᠮᠵᠢ︶ ᠶᠢᠨ ᠦᠨᠳᠦᠰᠦᠲᠡᠨ ᠤ | ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠠᠮᠢᠶ᠎ᠠ ᠪᠦᠬᠦᠢ ᠬᠠᠷᠢᠭᠤᠴᠠᠯᠭᠠᠲᠠᠨ᠂ ᠨᠢᠭᠡᠳᠦᠮᠡᠯ ᠹᠷᠣᠨᠲ ᠤᠨ ᠭᠡᠰᠢᠭᠦᠨ᠂ | ᠴᠥᠭᠡᠨ ᠲᠣᠭᠠᠲᠤ ᠦᠨᠳᠦᠰᠦᠲᠡᠨ ᠤ ᠺᠠᠳ᠋ᠷ ᠣᠯᠠᠨ ᠲᠦᠮᠡᠨ ᠤ ᠲᠥᠯᠥᠭᠡᠯᠡᠭᠴᠢ᠂ ᠠᠵᠤ ᠠᠬᠤᠶᠢᠯᠠᠯ ᠤᠨ | ᠬᠠᠷᠢᠭᠤᠴᠠᠯᠭᠠᠲᠠᠨ ᠤ ᠲᠥᠯᠥᠭᠡᠯᠡᠭᠴᠢ ᠵᠡᠷᠭᠡ ᠨᠡᠶᠢᠲᠡ 150 ᠭᠠᠷᠤᠶ ᠬᠦᠮᠦᠰ ᠠᠵᠢᠯᠯᠠᠭ᠎ᠠ ᠳᠤ ᠣᠷᠣᠯᠴᠠᠪᠠ᠃ |