1 ᠰᠠᠷ᠎ᠠ ᠶᠢᠨ 20 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ᠃ | ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠵᠡᠷᠭᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠪᠠ᠃ | | | | | ᠮᠦ ᠲᠢᠶᠧ ᠮᠢᠨ ᠬᠠᠮᠲᠦ ᠶᠠᠪᠤᠭᠰᠠᠳ ᠲᠠᠢ ᠪᠠᠨ ᠤᠷᠢᠳ ᠬᠤᠵᠢᠳ ᠥᠪᠥᠷ ᠮᠣᠩᠭᠤᠯ ᠤᠨ ᠶᠤᠸᠠᠨ ᠹᠧᠩ | ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠴᠢᠩ ᠴᠢᠤᠸᠠᠨ | ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ᠂ ᠯᠦᠪᠸᠢ ᠠᠶᠠᠨᠴᠢᠳ ᠤᠨ ᠦᠷᠳᠡᠭᠡ᠂ | ᠴᠢᠶᠠᠨ ᠱᠦᠨ ᠰᠢᠨ ᠲᠢᠶᠠᠨ ᠳ᠋ᠢ ᠬᠤᠳᠠᠯᠳᠤᠭᠠᠨ ᠤ ᠲᠠᠯᠠᠪᠠᠢ ᠵᠡᠷᠭᠡ ᠠᠶᠤᠯᠲᠠᠢ ᠬᠢᠮᠢ ᠶᠢᠨ ᠪᠣᠳᠠᠰ ᠤᠨ | ᠦᠢᠯᠡᠳᠪᠦᠷᠢᠯᠡᠯ ᠤᠨ ᠨᠢᠭᠡᠴᠡ᠂ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠵᠢᠴᠢ ᠬᠥᠮᠦᠨ ᠬᠠᠷ᠎ᠠ | ᠲᠥᠪᠯᠡᠷᠡᠭᠰᠡᠨ ᠲᠠᠯᠠᠪᠤᠷ ᠲᠤ ᠬᠦᠷᠴᠦ᠂ ᠬᠠᠷᠢᠭᠤ ᠮᠡᠳᠡᠭᠦᠯᠦᠯᠲᠡ ᠰᠣᠨᠣᠰᠬᠤ᠂ ᠠᠬᠤᠢ ᠭᠠᠵᠠᠷ ᠲᠤᠨᠢ ᠪᠠᠶᠢᠴᠠᠭᠠᠬᠤ | ᠵᠡᠷᠭᠡ ᠠᠷᠭ᠎ᠠ ᠬᠡᠯᠪᠡᠷᠢ ᠪᠠᠷ ᠳᠠᠮᠵᠢᠨ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠶᠤᠯᠭᠦᠢ | ᠦᠢᠯᠡᠳᠪᠦᠷᠢᠯᠡᠯ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ | | | | | | ᠮᠦ ᠲᠢᠶᠧ ᠮᠢᠨ ᠴᠢᠬᠤᠯᠠᠴᠢᠯᠠᠭᠰᠠᠨ ᠨᠢ᠂ ᠡᠪᠦᠯ ᠤᠨ ᠤᠯᠠᠷᠢᠯ ᠪᠣᠯ ᠠᠶᠤᠯᠭᠦᠶ ᠦᠢᠯᠡᠳᠪᠦᠷᠢᠯᠡᠯ ᠤᠨ ᠠᠳᠡᠯ | ᠣᠯᠠᠨ ᠭᠠᠷᠴᠤ᠂ ᠠᠮᠠᠷᠬᠠᠨ ᠡᠭᠦᠰᠬᠦ ᠬᠤᠭᠤᠴᠠᠭ᠎ᠠ ᠪᠣᠯᠤᠨ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠬᠢᠨ | ᠠᠶᠤᠯᠭᠦᠶ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠲᠥᠷᠥ ᠶᠢᠨ | ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠶ | ᠲᠥᠯᠥᠪᠵᠢᠭᠦᠯᠬᠦ ᠶᠢᠨ ᠴᠢᠬᠤᠯᠠ ᠴᠢᠨᠠᠷ ᠢ ᠭᠦᠨᠵᠡᠭᠡᠶ ᠲᠠᠨᠢᠬᠤ ᠬᠡᠷᠡᠭᠲᠡᠶ᠃ ᠡᠯ᠎ᠡ ᠠᠵᠤ ᠠᠬᠤᠶᠢᠯᠠᠯ ᠠᠶᠤᠯᠭᠦᠢ | ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ | ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠴᠢᠩᠭ᠎ᠠ ᠪᠣᠳᠠᠲᠠᠢ ᠰᠠᠶᠢᠲᠤᠷ ᠬᠢᠵᠦ᠂ ᠭᠤᠭᠴᠤᠭ᠎ᠠ ᠨᠢᠭᠡᠪᠦᠷᠢ᠂ | ᠲᠠᠯᠠᠪᠤᠷ ᠨᠢᠭᠡᠪᠦᠷᠢ᠂ ᠲᠥᠬᠦᠭᠡᠷᠦᠮᠵᠢ ᠨᠢᠭᠡᠪᠦᠷᠢ᠂ ᠴᠡᠭ ᠨᠢᠭᠡᠪᠦᠷᠢ ᠳᠤ ᠠᠮᠤᠷ ᠲᠦᠪᠰᠢᠨ ᠤ ᠬᠡᠮ ᠰᠣᠭᠤᠭ ᠢ | ᠥᠪᠡᠷ ᠢᠶᠠᠨ ᠪᠠᠶᠢᠴᠠᠭᠠᠵᠤ ᠥᠪᠡᠷ ᠢᠶᠠᠨ ᠰᠠᠶᠢᠵᠢᠷᠠᠭᠤᠯᠬᠤ ᠶᠢ ᠭᠦᠨᠵᠡᠭᠡᠢ ᠥᠷᠨᠢᠭᠦᠯᠵᠦ᠂ ᠦᠨᠡᠨᠬᠦ ᠪᠠᠶᠢᠴᠠᠭᠠᠵᠤ᠂ | ᠦᠨᠡᠨᠬᠦ ᠰᠠᠶᠢᠵᠢᠷᠠᠭᠤᠯᠵᠦ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ | ᠰᠢᠪᠲᠤᠯᠤᠯᠲᠠ ᠵᠢᠨᠭᠤᠷᠪᠠᠨ ᠵᠢᠯ ᠤᠨ ᠠᠵᠢᠯᠯᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠪᠦᠬᠦ | ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠶᠢᠰᠦᠨ ᠪᠠᠭ᠎ᠠ | ᠲᠠᠯᠠᠪᠤᠷ ᠵᠢᠴᠢ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠤᠨ ᠠᠮᠤᠷ ᠲᠦᠪᠰᠢᠨ ᠤ ᠬᠥᠮᠦᠵᠢᠯ ᠤᠬᠠᠭᠤᠯᠭ᠎ᠠ | ᠪᠠ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠬᠠᠮᠢᠶᠠᠷᠬᠤ ᠡᠷᠴᠢᠮ ᠢᠶᠠᠨ ᠤᠯᠠᠮ ᠨᠢᠭᠡ | ᠠᠯᠬᠤᠮ ᠴᠢᠩᠭᠠᠷᠠᠭᠤᠯᠤᠨ᠂ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠢ ᠰᠢᠨ᠎ᠡ ᠳᠠᠪᠬᠤᠷᠭ᠎ᠠ | ᠪᠠ ᠬᠠᠮᠢᠶᠠᠷᠤᠯᠲᠠ ᠶᠢᠨ ᠬᠢᠷᠢ ᠲᠦᠪᠰᠢᠨ ᠳᠤ ᠬᠦᠷᠲᠡᠯ᠎ᠡ ᠳᠡᠭᠡᠭᠰᠢᠯᠡᠭᠦᠯᠵᠦ᠂ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠵᠦ᠂ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ | ᠠᠵᠢᠯ ᠤᠨ ᠦᠷᠭᠦᠯᠵᠢᠯᠡᠨ ᠠᠮᠤᠷ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠶ ᠭᠡᠪᠡ᠃ |