ᠲᠦᠩᠯᠢᠶᠣᠤ ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠤᠤ ᠸᠧᠨ ᠯᠠᠨ ᠵᠠᠷᠤᠳ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/11/22
   
1.jpg
     ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠭᠦᠨᠵᠡᠭᠡᠢ ᠣᠶᠢᠯᠠᠭᠠᠵᠦ᠂ ᠥᠷᠭᠡᠨ ᠤᠯᠠᠨ ᠡᠮᠡᠭᠲᠡᠶᠢᠴᠦᠳ ᠤᠨ ᠪᠣᠳᠠᠲᠠᠢ ᠬᠡᠷᠡᠭᠴᠡᠭᠡ ᠶᠢ ᠣᠨᠣᠪᠴᠢᠲᠠᠢ ᠡᠵᠡᠮᠳᠡᠵᠦ᠂ ᠦᠨᠳᠦᠰᠦᠨ ᠱᠠᠲᠤᠨ ᠤ ᠡᠮᠡᠭᠲᠡᠶᠢᠴᠦᠳ ᠲᠤ ᠨᠡᠩ ᠰᠠᠶᠢᠨ ᠦᠢᠯᠡᠴᠢᠯᠡᠬᠦ ᠶᠢᠨ ᠲᠦᠯᠦᠭᠡ᠂ 11 ᠰᠠᠷ᠎ᠠ ᠶᠢᠨ 18 ᠤ ᠡᠳᠦᠷ ᠠᠴᠠ 19 ᠤ ᠡᠳᠦᠷ ᠪᠣᠯᠲᠠᠯ᠎ᠠ᠂ ᠲᠦᠩᠯᠢᠶᠣᠤ ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠦᠦ ᠸᠧᠨ ᠯᠠᠨ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠵᠠᠷᠤᠳ ᠬᠤᠰᠢᠭᠤᠨ ᠳᠤ ᠭᠦᠨᠵᠡᠭᠡᠶᠢᠷᠡᠵᠦ᠂ ︽ᠶᠡᠬᠡᠪᠡᠷ ᠪᠠᠶᠢᠴᠠᠭᠠᠨ ᠰᠤᠳᠤᠯᠤᠯᠲᠠ ᠬᠢᠬᠦ᠂ ᠶᠡᠬᠡᠪᠡᠷ ᠰᠤᠷᠪᠤᠯᠵᠢᠯᠠᠬᠤ᠂ ᠶᠡᠬᠡᠪᠡᠷ ᠲᠥᠯᠥᠪᠵᠢᠭᠦᠯᠬᠦ᠂ ᠶᠡᠬᠡᠪᠡᠷ ᠠᠬᠢᠭᠤᠯᠬᠤ︾ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠥᠷᠨᠢᠭᠦᠯᠦᠭᠰᠡᠨ ᠪᠥᠭᠡᠳ ᠰᠠᠭᠤᠳᠠᠯ ᠤᠨ ᠬᠤᠷᠠᠯ ᠬᠢᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠶᠣᠣ ᠼᠠᠢ ᠶᠠᠨ᠂ ᠳᠡᠳ᠋ ᠬᠤᠰᠢᠭᠤᠨ ᠳᠠᠷᠤᠭ᠎ᠠ ᠫᠠᠨ ᠫᠧᠩ ᠹᠸᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
2.jpg
    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠡᠮᠦᠨ᠎ᠡ ᠪᠤᠯᠠᠭᠲᠤ ᠮᠦᠽᠧᠢ᠂ ᠹᠦ᠋ ᠯᠢ ᠴᠦᠨ ᠴᠧᠩ ᠨᠡᠶᠢᠭᠡᠮ ᠲᠣᠭᠤᠷᠢᠭ ᠤᠨ ︽ᠡᠮᠡᠭᠲᠡᠶᠢᠴᠦᠳ ᠤᠨ ᠭᠡᠷ ᠪᠦᠯᠢ︾᠂  ᠴᠡᠯᠡᠭᠡᠷ ᠦᠨᠳᠦᠰᠦᠲᠡᠨ ᠤ ᠬᠤᠪᠴᠠᠰᠤ ᠵᠠᠰᠠᠯ ᠤᠨ ᠬᠢᠵᠠᠭᠠᠷᠲᠤ ᠺᠣᠮᠫᠠᠨᠢ᠂ ᠦᠯᠵᠡᠶᠢᠮᠦ᠋ᠷᠡᠨ ᠰᠢᠭᠦᠬᠦ ᠲᠢᠩᠬᠢᠮ᠂ ᠴᠢᠪᠠᠭᠠᠳᠤ ᠰᠤᠮᠤ ᠶᠢᠨ ᠪᠣᠳᠠᠰ ᠤᠨ ᠪᠤᠰᠤ ᠰᠣᠶᠣᠯ ᠤᠨ ᠥᠪ ᠤᠨ ᠬᠠᠳᠬᠤᠮᠠᠯ ᠤᠨ ᠪᠣᠯᠪᠠᠰᠤᠷᠠᠯ ᠤᠨ ᠠᠬᠤᠢ ᠲᠠᠯᠠᠪᠠᠢ᠂ ᠬᠤᠰᠢᠭᠤᠨ ᠤ ᠭᠡᠷ ᠪᠦᠯᠢ ᠶᠢᠨ ᠰᠤᠷᠭᠠᠨ ᠬᠥᠮᠦᠵᠢᠯ ᠤᠨ ᠵᠢᠭᠠᠨ ᠵᠢᠯᠣᠭᠤᠳᠬᠤ ᠦᠢᠯᠡᠴᠢᠯᠡᠭᠡᠨ ᠤ ᠲᠥᠪ᠂ ᠲᠢᠶᠠᠨ ᠵᠢᠶᠤᠤ ᠭᠡᠷ ᠤᠨ ᠶᠠᠪᠤᠳᠠᠯ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠪᠣᠯᠤᠨ ᠵᠢᠷᠦᠬᠡ ᠪᠠᠯᠭᠠᠰᠤᠨ ᠤ ᠢᠦᠢ ᠹᠸᠢ ᠭᠠᠷ ᠤᠷᠠᠯᠠᠯ ᠤᠨ ᠤᠷᠠᠨ ᠮᠡᠷᠭᠡᠰᠢᠯ ᠤᠨ ᠲᠤᠰᠬᠠᠢ ᠬᠤᠷᠰᠢᠶ᠎ᠠ᠂ ᠵᠢᠷᠦᠬᠡ ᠲᠣᠰᠬᠤᠨ ᠤ ︽ᠡᠮᠡᠭᠲᠡᠶᠢᠴᠦᠳ ᠤᠨ ᠭᠡᠷ ᠪᠦᠯᠢ︾᠂ ᠦᠨᠡᠭᠡᠴᠢ ᠰᠤᠮᠤ ᠶᠢᠨ ᠯᠢ ᠵᠢᠶᠧ ᠲᠠᠷᠢᠮᠠᠯ ᠤᠨ ᠲᠤᠰᠬᠠᠢ ᠬᠤᠷᠰᠢᠶ᠎ᠠ ᠵᠡᠷᠭᠡ ᠭᠠᠵᠠᠷ ᠲᠤ ᠬᠦᠷᠴᠦ ᠠᠬᠤᠢ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠡ᠃   
3.jpg
    ᠬᠦᠷᠦᠭᠰᠡᠨ ᠭᠠᠵᠠᠷ ᠪᠣᠯᠭᠠᠨ ᠳᠤ᠂ ᠪᠦᠦ ᠸᠧᠨ ᠯᠠᠨ ᠬᠠᠮᠢᠶ᠎ᠠ ᠪᠦᠬᠦᠢ ᠬᠥᠮᠦᠰ ᠲᠠᠢ ᠰᠠᠨᠠᠯ ᠢᠶᠠᠨ ᠰᠣᠯᠢᠯᠴᠠᠵᠤ᠂ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠭᠤᠷᠪᠠᠨ ᠰᠢᠨ᠎ᠡ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠡᠮᠡᠭᠲᠡᠶᠢᠴᠦᠳ ᠤᠨ ᠠᠵᠢᠯ ᠣᠯᠵᠤ ᠦᠢᠯᠡᠰ ᠪᠤᠰᠬᠠᠬᠤ᠂ ᠡᠮᠡᠭᠲᠡᠶᠢᠴᠦᠳ ᠬᠡᠦᠬᠡᠳ ᠤᠨ ᠡᠷᠬᠡ ᠪᠠᠨ ᠬᠠᠮᠠᠭᠠᠯᠠᠬᠤ᠂ ᠤᠷᠤᠭ ᠭᠡᠷ ᠪᠦᠯᠢ ᠶᠢᠨ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ᠂ ︽  ᠬᠠᠯᠠᠭᠤᠨ ᠰᠡᠳᠬᠢᠯᠲᠦ ᠡᠵᠢ︾ ᠶᠢᠨ ᠠᠵᠢᠯ ᠤᠨ ᠠᠬᠢᠴᠠ ᠵᠢᠴᠢ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠣᠷᠤᠭ ᠭᠡᠷ ᠤᠨ ᠶᠠᠪᠤᠳᠠᠯ ᠤᠨ ᠵᠢᠭᠤᠷᠠᠯᠳᠤᠭᠠᠨ ᠢ ᠡᠶᠡᠳᠡᠭᠦᠯᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠪᠠ᠃ ᠡᠭᠦᠨ ᠤ ᠬᠠᠮᠲᠤ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠬᠡᠷᠬᠢᠨ ᠤᠯᠠᠮ ᠨᠢᠭᠡ ᠠᠯᠬᠤᠮ ᠴᠢᠩᠭᠠᠳᠬᠠᠬᠤ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡ ᠶᠢ ᠭᠦᠨᠵᠡᠭᠡᠶᠢᠷᠡᠭᠦᠯᠬᠦ ᠵᠡᠷᠭᠡ ᠲᠠᠯ᠎ᠠ ᠪᠠᠷ ᠵᠢᠯᠣᠭᠤᠳᠬᠤ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠪᠠ᠃
4.jpg
    ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠳᠠᠷᠠᠭ᠎ᠠ᠂ ᠪᠦᠦ ᠸᠧᠨ ᠯᠠᠨ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ︽ᠶᠡᠬᠡᠪᠡᠷ ᠪᠠᠶᠢᠴᠠᠭᠠᠨ ᠰᠤᠳᠤᠯᠤᠯᠲᠠ ᠬᠢᠬᠦ᠂ ᠶᠡᠬᠡᠪᠡᠷ ᠰᠤᠷᠪᠤᠯᠵᠢᠯᠠᠬᠤ᠂ ᠶᠡᠬᠡᠪᠡᠷ ᠲᠥᠯᠥᠪᠵᠢᠭᠦᠯᠬᠦ᠂ ᠶᠡᠬᠡᠪᠡᠷ ᠠᠬᠢᠭᠤᠯᠬᠤ︾  ᠰᠠᠭᠤᠳᠠᠯ ᠤᠨ ᠬᠤᠷᠠᠯ ᠢ  ᠬᠢᠵᠦ᠂ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ 2024 ᠣᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠪᠠ᠃
5.jpg
    ᠪᠦᠦ ᠸᠧᠨ ᠯᠠᠨ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠠᠵᠢᠯ ᠤᠨ ᠣᠯᠤᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠪᠠ᠃ ᠲᠡᠷᠡ᠂ ᠡᠮᠡᠭᠲᠡᠶᠢᠴᠦᠳ ᠤᠨ ᠬᠤᠯᠪᠣᠭ᠎ᠠ ᠪᠣᠯ ᠡᠮᠡᠭᠲᠡᠶᠢᠴᠦᠳ ᠬᠡᠤᠬᠡᠳ ᠲᠤ ᠰᠢᠭᠤᠳ ᠦᠢᠯᠡᠴᠢᠯᠡᠬᠦ ᠴᠣᠩᠬᠤ ᠪᠠ  ᠪᠠᠬᠢᠯᠡᠯᠲᠡ ᠶᠢᠨ ᠭᠠᠵᠠᠷ ᠮᠥᠨ᠂ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠶᠢ ᠰᠠᠶᠢᠲᠤᠷ ᠠᠰᠢᠭᠯᠠᠵᠤ᠂ ᠰᠤᠷᠪᠤᠯᠵᠢᠯᠠᠬᠤ ᠶᠠᠪᠤᠴᠠ ᠳᠤ ᠴᠤᠭᠯᠠᠭᠤᠯᠤᠭᠰᠠᠨ ᠰᠠᠨᠠᠯ ᠪᠠ ᠰᠠᠨᠠᠭᠤᠯᠭ᠎ᠠ ᠶᠢ ᠡᠮᠬᠢᠯᠡᠵᠦ᠂ ᠬᠠᠨᠳᠤᠯᠭᠠᠲᠤ ᠴᠢᠨᠠᠷᠲᠠᠶ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠲᠣᠭᠲᠠᠭᠠᠵᠤ᠂ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠬᠤ ᠬᠡᠷᠡᠭᠲᠡᠶ᠃ ᠦᠨᠳᠦᠰᠦᠨ ᠱᠠᠲᠤᠨ ᠤ ᠡᠮᠡᠭᠲᠡᠶᠢᠴᠦᠳ ᠤᠨ ᠪᠤᠳᠤᠵᠤ ᠬᠦᠰᠡᠵᠦ ᠪᠠᠶᠢᠭ᠎ᠠ ᠵᠦᠢᠯ᠂ ᠪᠠᠴᠢᠮ ᠬᠦᠴᠢᠷ ᠵᠣᠪᠠᠭᠤᠷᠢ ᠲᠠᠢ ᠠᠰᠠᠭᠤᠳᠠᠯ ᠢ ᠨᠡᠪᠲᠡᠷᠬᠡᠶ ᠣᠶᠢᠯᠠᠭᠠᠵᠤ᠂ ᠨᠠᠩ ᠪᠦᠲᠦᠮᠵᠢᠲᠡᠶ ᠠᠷᠭ᠎ᠠ ᠬᠡᠮᠵᠢᠶ᠎ᠡ ᠪᠠᠷ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠲᠠᠢ ᠢᠳᠡᠪᠬᠢᠲᠡᠢ ᠬᠠᠮᠲᠤᠷᠠᠯᠴᠠᠵᠤ᠂ ᠡᠮᠡᠭᠲᠡᠶᠢᠴᠦᠳ ᠬᠡᠦᠬᠡᠳ ᠤᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠬᠠᠮᠲᠤ ᠪᠠᠷ ᠠᠬᠢᠭᠤᠯᠵᠤ᠂ ᠡᠮᠡᠭᠲᠡᠶᠢᠴᠦᠳ ᠬᠡᠦᠬᠡᠳ ᠤᠨ ᠪᠣᠳᠠᠲᠠᠢ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠢ ᠭᠡᠵᠦ ᠵᠢᠭᠠᠪᠦᠷᠢᠯᠠᠪᠠ᠃    ᠪᠣᠤ ᠸᠧᠨ ᠯᠠᠨ ᠱᠠᠭᠠᠷᠳᠠᠭᠰᠠᠨ ᠨᠢ᠂ ᠠᠵᠢᠯ ᠤᠨ ᠠᠷᠭ᠎ᠠ ᠶᠢᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠰᠤᠷᠪᠤᠯᠵᠢᠯᠠᠨ ᠪᠠᠶᠢᠴᠠᠭᠠᠨ ᠰᠤᠳᠤᠯᠬᠤ ᠠᠵᠢᠯ ᠢ ᠪᠠᠶᠢᠩᠭᠤᠵᠢᠭᠤᠯᠬᠤ᠂ ᠳᠦᠷᠢᠮᠵᠢᠭᠦᠯᠬᠦ ᠶᠢ ᠠᠬᠢᠭᠤᠯᠵᠤ ᠂ ᠡᠮᠡᠭᠲᠡᠶᠢᠴᠦᠳ ᠬᠡᠦᠬᠡᠳ ᠤᠨ ᠦᠢᠯᠡᠰ ᠤᠨ ᠬᠥᠭᠵᠢᠯᠲᠡ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ ᠨᠡᠩ ᠤᠯᠠᠨ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ ᠪᠠ ᠰᠠᠶᠢᠨ ᠳᠤᠷ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠶᠡᠭᠡ ᠲᠠᠯ᠎ᠠ ᠳᠤ ᠦᠢᠯᠡᠴᠢᠯᠡᠬᠦ᠂ ᠡᠮᠡᠭᠲᠡᠶᠢᠴᠦᠳ ᠲᠤ ᠦᠢᠯᠡᠴᠢᠯᠡᠬᠦ ᠴᠢᠳᠠᠪᠤᠷᠢ ᠪᠠ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠡᠮᠡᠭᠲᠡᠶᠢᠴᠦᠳ ᠤᠨ ᠠᠵᠢᠯ ᠳᠤ ᠠᠮᠢᠵᠢᠷᠠᠯ ᠤᠨ ᠬᠦᠴᠦᠨ  ᠨᠡᠮᠡᠷᠢᠯᠡᠵᠦ᠂ ᠥᠷᠭᠡᠨ ᠤᠯᠠᠨ ᠦᠨᠳᠦᠰᠦᠨ ᠱᠠᠲᠤᠨ ᠤ ᠡᠮᠡᠭᠲᠡᠶᠢᠴᠦᠳ ᠵᠢᠴᠢ ᠭᠡᠷ ᠪᠦᠯᠢ ᠶᠢ ᠵᠣᠷᠢᠭᠵᠢᠭᠤᠯᠤᠨ ᠬᠦᠳᠦᠯᠦᠨ ᠳᠠᠭᠠᠭᠤᠯᠵᠤ ᠪᠠᠶᠢᠭᠠᠳ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠰᠠᠨᠠᠭᠠᠴᠢᠯᠠᠭ᠎ᠠ ᠠᠴᠠ ᠨᠢ ᠣᠷᠣᠯᠴᠠᠭᠤᠯᠵᠤ᠂ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢ ᠦᠨᠡᠨᠬᠦ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠴᠢᠬᠤᠯᠠ ᠬᠦᠴᠦᠨ ᠪᠣᠯᠭᠠᠬᠤ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号