| 11 ᠰᠠᠷ᠎ᠠ ᠶᠢᠨ 23 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ | ᠳᠠᠷᠤᠭ᠎ᠠ ᠪᠠᠲᠤ ᠬᠤᠰᠢᠭᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠢᠪᠡ᠃ ᠳᠡᠳ᠋ ᠬᠤᠰᠢᠭᠤᠨ | ᠳᠠᠷᠤᠭ᠎ᠠ ᠸᠠᠩ ᠾᠧ᠂ ᠫᠠᠨ ᠫᠧᠩ ᠹᠸᠢ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ | ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | | ᠬᠤᠷᠠᠯ ᠠᠴᠠ ᠬᠥᠮᠦᠨ ᠤ ᠬᠦᠴᠦᠨ ᠤ ᠡᠬᠢ ᠪᠠᠶᠠᠯᠢᠭ᠂ ᠪᠠᠶᠢᠭᠠᠯᠢ ᠶᠢᠨ ᠡᠬᠢ ᠪᠠᠶᠠᠯᠢᠭ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ᠂ ᠠᠷᠠᠳ ᠤᠨ ᠶᠠᠪᠤᠳᠠᠯ ᠵᠡᠷᠭᠡ ᠬᠦᠷᠢᠶ᠎ᠡ ᠴᠠᠷ᠎ᠠ ᠶᠢᠨ2024 ᠣᠨ ᠤ ᠭᠤᠣᠯᠳᠠᠯᠭ᠎ᠠ ᠲᠠᠢ | ᠠᠵᠢᠯ ᠢ ᠪᠡᠶᠡᠯᠡᠭᠦᠯᠦᠭᠰᠡᠨ ᠪᠠᠶᠢᠳᠠᠯ᠂ 2025 ᠣᠨ ᠤ ᠵᠢᠴᠢ ︽ᠠᠷᠪᠠᠨ ᠲᠠᠪᠤᠳᠤᠭᠠᠷ ᠲᠠᠪᠤᠨ ᠵᠢᠯ︾ ᠤᠨ ᠲᠦᠷᠦᠯ | ᠵᠦᠢᠯ ᠢ ᠲᠥᠯᠥᠪᠵᠢᠭᠦᠯᠦᠭᠰᠡᠨ ᠪᠠᠶᠢᠳᠠᠯ ᠢ ᠰᠣᠨᠣᠰᠴᠤ᠂ ᠡᠯ᠎ᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ | ᠠᠴᠠ ᠨᠥᠬᠦᠪᠥᠷᠢ ᠶᠠᠷᠢᠶ᠎ᠠ ᠲᠠᠯᠪᠢᠪᠠ᠃ | ᠬᠤᠷᠠᠯ ᠠᠴᠠ᠂ ᠭᠠᠵᠠᠷ ᠰᠢᠷᠣᠢ ᠶᠢᠨ ᠡᠬᠢ ᠪᠠᠶᠠᠯᠢᠭ ᠪᠣᠯ ᠭᠤᠣᠯᠳᠠᠯᠭ᠎ᠠ ᠲᠠᠢ ᠲᠦᠷᠦᠯ ᠵᠦᠢᠯ ᠢ ᠬᠥᠭᠵᠢᠭᠦᠯᠬᠦ | ᠴᠢᠬᠤᠯᠠ ᠪᠠᠲᠤᠯᠠᠭ᠎ᠠ ᠮᠥᠨ᠂ ᠠᠯᠤᠰ ᠬᠡᠳᠦ ᠳᠤ ᠰᠠᠭᠤᠷᠢᠯᠠᠵᠤ᠂ ᠪᠦᠲᠦᠮᠵᠢᠲᠡᠢ ᠲᠥᠯᠥᠪᠵᠢᠭᠦᠯᠵᠦ᠂ ᠭᠠᠵᠠᠷ | ᠰᠢᠷᠣᠢ ᠶᠢᠨ ᠨᠥᠭᠡᠴᠡ ᠪᠣᠯᠤᠨ ᠰᠤᠯᠠ ᠪᠠᠶᠢᠭ᠎ᠠ ᠭᠠᠵᠠᠷ ᠢ ᠠᠮᠢᠯᠠᠭᠤᠯᠬᠤ ᠠᠵᠢᠯ ᠢ ᠰᠠᠶᠢᠲᠤᠷ ᠬᠢᠵᠦ᠂ | ᠠᠭᠤᠷᠬᠠᠢ ᠶᠢᠨ ᠭᠠᠷᠤᠯᠲᠠ ᠶᠢᠨ ᠦᠢᠯᠡᠳᠪᠦᠷᠢᠯᠡᠯ ᠤᠨ ᠬᠠᠶᠢᠨ ᠰᠢᠨᠵᠢᠯᠡᠯᠲᠡ ᠶᠢᠨ ᠡᠷᠲᠡᠬᠡᠨ ᠦᠷ᠎ᠡ ᠪᠦᠲᠦᠮᠵᠢ | ᠤᠯᠬᠤ ᠶᠢ ᠠᠬᠢᠭᠤᠯᠬᠤ ᠬᠡᠷᠡᠭᠲᠡᠢ᠃ ᠠᠵᠢᠯ ᠣᠯᠭᠤᠯᠲᠠ ᠪᠠ ᠪᠣᠯᠪᠠᠰᠤᠷᠠᠭᠤᠯᠤᠯ ᠤᠨ ᠬᠤᠣᠰ ᠳᠡᠭᠡᠭᠰᠢᠯᠡᠵᠦ ᠪᠠᠶᠢᠭ᠎ᠠ | ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠶᠢ ᠠᠳᠬᠤᠵᠤ᠂ ᠴᠢᠳᠠᠪᠤᠷᠢᠲᠠᠨ ᠤ ᠠᠪᠢᠶᠠᠰ ᠴᠢᠳᠠᠪᠤᠷᠢ ᠪᠠᠨ | ᠪᠠᠳᠠᠷᠠᠭᠤᠯᠬᠤ ᠳᠤ ᠠᠰᠢᠭᠲᠠᠶ ᠨᠥᠬᠦᠴᠡᠯ ᠪᠠ ᠰᠠᠶᠢᠨ ᠰᠠᠶᠢᠬᠠᠨ ᠣᠷᠴᠢᠨ ᠨᠥᠬᠦᠴᠡᠯ ᠢ ᠡᠭᠦᠳᠴᠦ᠂ ︽ | ᠴᠢᠳᠠᠪᠤᠷᠢᠲᠠᠨ ᠤ ᠡᠬᠢ ᠪᠠᠶᠠᠯᠢᠭ︾ ᠢ ︽ᠪᠦᠲᠦᠮᠵᠢᠲᠡᠶ ᠡᠳ᠋ ᠬᠥᠷᠥᠩᠭᠡ︾ ᠪᠣᠯᠭᠠᠨ ᠬᠤᠪᠢᠷᠠᠭᠤᠯᠬᠤ ᠬᠡᠷᠡᠭᠲᠡᠶ᠃ | ᠵᠠᠬ᠎ᠠ ᠳᠡᠯᠭᠡᠭᠦᠷ ᠤᠨ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠪᠠ ᠦᠢᠯᠡᠴᠢᠯᠡᠭᠡᠨ ᠤ ᠡᠭᠦᠷᠭᠡ ᠴᠢᠳᠠᠪᠤᠷᠢ ᠶᠢ | ᠪᠠᠳᠠᠷᠠᠭᠤᠯᠵᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭ᠎ᠠ ᠠᠳᠬᠤᠵᠤ᠂ ᠣᠷᠣᠨ ᠪᠦᠰᠡ ᠶᠢᠨ | ᠣᠯᠠᠨ ᠨᠡᠶᠢᠲᠡ ᠶᠢᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠵᠤ᠂ ᠥᠪᠥᠷ ᠮᠣᠩᠭᠤᠯ ᠤᠨ | ᠵᠡᠭᠦᠨ ᠬᠡᠰᠡᠭ ᠤᠨ ᠣᠷᠣᠨ ᠪᠦᠰᠡ ᠶᠢᠨ ᠰᠦ ᠮᠢᠬᠠᠨ ᠤ ᠪᠦᠲᠦᠭᠡᠭᠳᠡᠬᠦᠨ ᠢ ᠪᠠᠶᠢᠴᠠᠭᠠᠨ ᠰᠢᠯᠭᠠᠬᠤ ᠲᠥᠪ ᠤᠨ | ᠴᠢᠳᠠᠮᠵᠢ ᠶᠢᠨ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠶ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ | ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠭᠤᠷᠪᠠᠨ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠲᠣᠣᠷ | ᠰᠦᠯᠵᠢᠶ᠎ᠡ ᠶᠢ ᠲᠡᠭᠦᠯᠳᠡᠷᠵᠢᠭᠦᠯᠵᠦ᠂ ᠣᠷᠣᠰᠢᠭᠤᠯᠭ᠎ᠠ ᠶᠢᠨ ᠬᠦᠷᠢᠶᠡᠨ ᠤ ᠪᠦᠳᠦᠭᠡᠨ ᠪᠠᠶᠢᠭᠤᠯᠤᠯᠲᠠ ᠶᠢᠨ ᠲᠦᠷᠦᠯ | ᠵᠦᠢᠯ ᠢ ᠲᠦᠷᠭᠡᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠪᠣᠷᠢᠯᠠᠪᠠ᠃ | ᠬᠤᠷᠠᠯ ᠠᠴᠠ᠂ ᠬᠠᠮᠢᠶ᠎ᠠ ᠪᠥᠬᠦᠶ ᠰᠠᠯᠠᠭ᠎ᠠ ᠮᠥᠴᠢᠷ ᠬᠢᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢᠨ ᠳᠡᠭᠡᠳᠦ ᠬᠡᠮᠵᠢᠶ᠎ᠡ ᠪᠠᠷ ᠠᠵᠤ ᠦᠢᠯᠡᠰ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠰᠤᠳᠤᠯᠤᠨ | ᠮᠠᠭᠠᠳᠯᠠᠬᠤ ᠪᠠ ᠨᠤᠲᠠᠯᠠᠬᠤ ᠠᠵᠢᠯ ᠢ ᠰᠠᠶᠢᠲᠤᠷ ᠬᠢᠵᠦ᠂ ᠲᠤᠯᠭᠠᠮ᠎ᠠ ᠪᠤᠳᠤᠯ ᠪᠠ ᠬᠠᠷᠢᠭᠤᠴᠠᠯᠭᠠᠲᠤ ᠰᠡᠳᠬᠢᠯᠭᠡ ᠪᠠᠨ | ᠦᠨᠡᠨ ᠬᠦ ᠴᠢᠩᠭᠠᠳᠬᠠᠵᠤ᠂ ᠬᠤᠰᠢᠭᠤᠨ ᠤ ᠪᠣᠳᠠᠲᠤ ᠪᠠᠶᠢᠳᠠᠯ ᠪᠠ ᠬᠥᠭᠵᠢᠯᠲᠡ ᠶᠢᠨ ᠬᠡᠷᠡᠭᠴᠡᠭᠡ ᠳᠤ ᠰᠠᠭᠤᠷᠢᠯᠠᠨ᠂ | ᠲᠥᠷᠥᠯ ᠵᠦᠢᠯ ᠢ ᠲᠥᠯᠥᠪᠵᠢᠭᠦᠯᠬᠦ ᠪᠠᠷ ᠭᠤᠤᠯᠳᠠᠯᠭ᠎ᠠ ᠪᠣᠯᠭᠠᠵᠤ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠪᠠᠷ ᠬᠦᠴᠦᠯᠡᠬᠦ ᠴᠡᠭ ᠪᠣᠯᠭᠠᠨ᠂ ᠠᠷᠠᠳ ᠲᠦᠮᠡᠨ ᠳᠤ ᠦᠢᠯᠡᠴᠢᠯᠡᠬᠦ ᠪᠠᠷ ᠲᠤᠰᠤᠯᠲᠠ ᠪᠣᠯᠭᠠᠵᠤ᠂ | ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ | ᠬᠦᠴᠦᠨ ᠨᠡᠮᠡᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ | ᠮᠥᠷᠲᠡᠭᠡᠨ ᠪᠠᠰᠠ ᠬᠠᠮᠢᠶᠠᠷᠤᠯᠲᠠ ᠶᠢᠨ ᠲᠠᠯ᠎ᠠ ᠶᠢᠨ ᠠᠵᠢᠯ ᠢᠶᠠᠨ ᠰᠠᠶᠢᠲᠤᠷ ᠬᠢᠬᠦ ᠬᠡᠷᠡᠭᠲᠡᠢ᠃ ᠴᠢᠳᠠᠪᠤᠷᠢᠲᠠᠨ ᠢ | ᠬᠥᠮᠦᠵᠢᠭᠦᠯᠬᠦ ᠰᠢᠰᠲ᠋ᠧᠮ ᠢ ᠪᠦᠷᠢᠨᠰᠢᠬᠦᠯᠵᠤ᠂ ᠴᠢᠳᠠᠪᠤᠷᠢᠲᠠᠨ ᠢ ᠬᠥᠮᠦᠵᠢᠭᠦᠯᠬᠦ ᠪᠠ ᠠᠵᠤ ᠦᠢᠯᠡᠰ ᠤᠨ | ᠬᠥᠭᠵᠢᠯᠲᠡ ᠶᠢᠨ ︽ᠬᠤᠣᠰ ᠴᠢᠭᠯᠡᠯ ᠢᠶᠠᠷ ᠴᠢᠷᠮᠠᠶᠢᠬᠤ︾ ᠶᠢ ᠬᠦᠳᠦᠯᠦᠨ ᠵᠢᠯᠣᠭᠤᠳᠬᠤ ᠬᠡᠷᠡᠭᠲᠡᠢ᠃ ᠰᠢᠨᠵᠢᠯᠡᠬᠦ | ᠤᠬᠠᠭᠠᠨ ᠤ ᠰᠤᠳᠤᠯᠭᠠᠨ ᠤ ᠴᠢᠳᠠᠪᠤᠷᠢ ᠪᠠ ᠪᠠᠶᠢᠭᠠᠯᠢ ᠶᠢᠨ ᠡᠬᠢ ᠪᠠᠶᠠᠯᠢᠭ ᠤᠨ ᠳᠠᠪᠠᠭᠤᠯᠢᠭ ᠢ ᠤᠶᠠᠯᠳᠤᠭᠤᠯᠵᠤ᠂ | ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠲᠠᠰᠤᠷᠠᠯᠲᠠ ᠥᠬᠡᠶ | ᠦᠢᠯᠡᠴᠢᠯᠡᠬᠦ ᠬᠡᠷᠡᠭᠲᠡᠢ᠃ ᠰᠢᠯᠢᠳᠡᠭ ᠢ ᠪᠤᠶᠢᠵᠢᠭᠤᠯᠬᠤ ᠤᠬᠠᠮᠰᠠᠷ᠂ ᠲᠦᠷᠦᠯ ᠲᠡᠮᠳᠡᠭ ᠤᠨ ᠤᠬᠠᠮᠰᠠᠷ ᠢ ᠪᠠᠲᠤ ᠪᠤᠢ | ᠪᠣᠯᠭᠠᠵᠤ᠂ ᠲᠦᠷᠦᠯ ᠲᠡᠮᠳᠡᠭ ᠤᠨ ᠪᠠᠶᠢᠭᠤᠯᠤᠯᠲᠠ ᠶᠢᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ | ᠲᠦᠷᠦᠯ ᠲᠡᠮᠳᠡᠭ ᠤᠨ ᠡᠨᠧᠷᠭᠢ ᠶᠢ ᠠᠵᠤ ᠠᠬᠤᠢ ᠶᠢᠨ ᠦᠷ᠎ᠡ ᠠᠰᠢᠭ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ | ᠱᠠᠭᠠᠷᠳᠠᠪᠠ᠃ |