11 ᠰᠠᠷ᠎ᠠ ᠶᠢᠨ 25 ᠤ ᠥᠷᠯᠥᠭᠡ ᠠᠴᠠ ᠡᠬᠢᠯᠡᠨ᠂ ᠮᠠᠨ ᠤ ᠬᠤᠰᠢᠭᠤᠨ ᠳᠤ ᠡᠪᠦᠯ ᠤᠨ ᠤᠯᠠᠷᠢᠯ ᠤᠨ | ᠠᠩᠬᠠᠳᠠᠭᠴᠢ ᠶᠡᠭᠡ ᠬᠡᠪᠴᠢᠶᠡᠨ ᠤ ᠴᠠᠰᠤ ᠪᠣᠷᠣᠭᠠᠨ ᠤᠷᠤᠵᠦ᠂ ᠶᠡᠭᠡ ᠰᠠᠯᠬᠢᠯᠠᠵᠦ ᠬᠦᠢᠳᠡᠷᠡᠪᠡ᠃ ᠴᠠᠰᠤ | ᠰᠢᠭᠤᠷᠭ᠎ᠠ ᠲᠠᠢ ᠴᠠᠭ ᠠᠭᠤᠷ ᠢ ᠰᠡᠷᠭᠡᠶᠢᠯᠡᠨ ᠠᠷᠭᠠᠴᠠᠭᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠪᠥᠬᠦ | ᠬᠤᠰᠢᠭᠤᠨ ᠤ ᠡᠯ᠎ᠡ ᠭᠠᠵᠠᠷ ᠤᠨ ᠬᠢᠨ ᠮᠠᠯᠴᠢᠨ ᠲᠠᠷᠢᠶᠠᠴᠢᠨ ᠡᠷᠦᠬᠡ ᠳᠤ ᠴᠠᠭ ᠠᠭᠤᠷ ᠤᠨ ᠰᠡᠷᠡᠮᠵᠢ ᠶᠢᠨ ᠮᠡᠳᠡᠭᠡ | ᠵᠠᠩᠭᠢ ᠨᠡᠶᠢᠲᠡᠯᠡᠵᠦ᠂ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠤᠨ ᠠᠵᠢᠯᠲᠠᠳ ᠢ ᠵᠣᠬᠢᠶᠠᠨ ᠪᠠᠶᠢᠭᠤᠯᠤᠨ | ᠮᠠᠯᠴᠢᠨ ᠲᠠᠷᠢᠶᠠᠴᠢᠨ ᠡᠷᠦᠬᠡ ᠶᠢ ᠵᠢᠯᠣᠭᠤᠳᠤᠨ ᠶᠡᠭᠡ ᠴᠠᠰᠤ ᠶᠢ ᠰᠡᠷᠭᠡᠶᠢᠯᠡᠬᠦ᠂ ᠬᠦᠯᠳᠡᠬᠦ ᠶᠢ ᠰᠡᠷᠭᠡᠶᠢᠯᠡᠬᠦ᠂ | ᠬᠦᠢᠲᠡᠨ ᠢ ᠰᠡᠷᠭᠡᠶᠢᠯᠡᠬᠦ ᠠᠵᠢᠯ ᠢ ᠢᠳᠡᠪᠬᠢᠲᠡᠶ ᠰᠠᠶᠢᠲᠤᠷ ᠬᠢᠵᠦ᠂ ᠡᠪᠡᠰᠦ ᠪᠣᠷᠳᠤᠭ᠎ᠠ ᠨᠥᠭᠡᠴᠡᠯᠡᠵᠦ ᠪᠠᠶᠢᠭ᠎ᠠ | ᠪᠠᠶᠢᠳᠠᠯ ᠢ ᠪᠠᠶᠢᠴᠠᠭᠠᠨ ᠦᠵᠡᠵᠦ᠂ ᠮᠠᠯᠴᠢᠨ ᠲᠠᠷᠢᠶᠠᠴᠢᠨ ᠡᠷᠦᠬᠡ ᠶᠢ ᠵᠢᠯᠣᠭᠤᠳᠤᠨ ᠮᠠᠯ ᠤᠨ ᠬᠠᠰᠢᠶ᠎ᠠ ᠰᠠᠷᠠᠪᠴᠢ᠂ | ᠢᠳᠡᠰᠢᠨ ᠨᠣᠭᠤᠭ᠎ᠠ ᠶᠢᠨ ᠬᠦᠯᠡᠮᠵᠢ ᠵᠡᠷᠭᠡ ᠶᠢᠨ ᠬᠦᠢᠲᠡᠨ ᠢ ᠰᠡᠷᠭᠡᠶᠢᠯᠡᠵᠦ ᠳᠤᠯᠠᠭᠠᠨ ᠢ ᠪᠠᠲᠤᠯᠠᠬᠤ ᠠᠵᠢᠯ ᠢ | ᠰᠠᠶᠢᠲᠤᠷ ᠬᠢᠵᠦ ᠪᠠᠶᠢᠨ᠎ᠠ᠃ | | | |