ᠣᠶᠢᠷ᠎ᠠ ᠳᠤ᠂ ᠵᠠᠷᠤᠳ ᠬᠤᠰᠢᠭᠤ ᠵᠠᠮ ᠬᠠᠷᠢᠯᠴᠠᠭᠠᠨ ᠤ ᠰᠢᠨᠵᠢᠯᠡᠭᠡ ᠮᠡᠷᠭᠡᠵᠢᠯ ᠤᠨ ᠲᠥᠬᠦᠭᠡᠷᠦᠮᠵᠢ ᠶᠢ ᠪᠦᠬᠦ | ᠲᠠᠯ᠎ᠠ ᠪᠠᠷ ᠥᠭᠡᠷᠡᠴᠢᠯᠡᠨ ᠳᠡᠰ ᠳᠡᠪᠰᠢᠭᠦᠯᠬᠦ ᠠᠵᠢᠯ ᠢᠶᠠᠨ ᠪᠡᠶᠡᠯᠡᠭᠦᠯᠦᠭᠰᠡᠨ ᠪᠥᠭᠡᠳ 11 ᠰᠠᠷ᠎ᠠ ᠶᠢᠨ 22 ᠤᠨ | ᠡᠳᠦᠷ ᠵᠢᠩᠬᠢᠨᠢ ᠪᠠᠷ ᠠᠰᠢᠭᠯᠠᠯᠲᠠ ᠳᠤ ᠣᠷᠣᠭᠤᠯᠪᠠ᠂ ᠡᠨᠡ ᠨᠢ ᠵᠠᠮ ᠬᠠᠷᠢᠯᠴᠠᠭᠠᠨ ᠤ ᠣᠷᠴᠢᠨ ᠨᠦᠬᠦᠴᠡᠯ ᠢ ᠤᠯᠠᠮ | ᠨᠢᠭᠡ ᠠᠯᠬᠤᠮ ᠰᠢᠯᠢᠳᠡᠭᠵᠢᠭᠦᠯᠵᠦ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ | ᠵᠠᠮ ᠬᠠᠷᠢᠯᠴᠠᠭᠠᠨ ᠤ ᠬᠠᠮᠢᠶᠠᠷᠤᠯᠲᠠ ᠶᠢ ᠨᠠᠷᠢᠯᠢᠭᠵᠢᠭᠤᠯᠬᠤ᠂ ᠰᠢᠨᠵᠢᠯᠡᠬᠦ ᠤᠬᠠᠭᠠᠨᠴᠢᠯᠠᠬᠤ᠂ ᠵᠢᠷᠤᠮᠵᠢᠭᠤᠯᠬᠤ | ᠴᠢᠭᠯᠡᠯ ᠲᠡᠰᠢ ᠬᠦᠭᠵᠢᠭᠦᠯᠬᠦ ᠶᠢ ᠠᠬᠢᠭᠤᠯᠪᠠ᠃ | | | | | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠴᠠᠭᠳᠠᠭᠠᠨ ᠤ ᠶᠡᠭᠡ | ᠠᠩᠭᠢ ᠶᠢᠨ ᠵᠢᠯᠣᠭᠤᠳᠬᠤ ᠲᠥᠪ ᠲᠤ ᠬᠦᠷᠴᠦ ᠣᠴᠢᠬᠤ ᠳᠤ᠂ ᠨᠢᠭᠡ ᠬᠡᠰᠡᠭ ᠲᠣᠮᠣ LED ᠳᠡᠯᠭᠡᠴᠡ ᠨᠢ | ᠵᠠᠷᠤᠳ ᠬᠤᠰᠢᠭᠤᠨ ᠤ ᠵᠠᠮ ᠬᠠᠷᠢᠯᠴᠠᠭᠠᠨ ᠤ ᠭᠤᠣᠯ ᠱᠤᠭᠤᠮ ᠴᠢᠬᠤᠯᠠ ᠵᠠᠮ ᠤᠨ ᠪᠠᠶᠢᠳᠠᠯ ᠢ ᠨᠢᠭᠡᠳ ᠨᠢᠭᠡ ᠪᠠᠷ | ᠢᠯᠡᠷᠡᠭᠦᠯᠪᠡ᠃ ᠳᠡᠯᠭᠡᠴᠨ ᠳᠡᠭᠡᠷ᠎ᠡ᠂ ᠵᠢᠷᠤᠭ ᠳᠦᠷᠰᠦ ᠨᠢ ᠲᠣᠳᠣᠷᠬᠠᠶ ᠮᠥᠷᠲᠡᠭᠡᠨ ᠴᠠᠭ ᠲᠤᠬᠠᠶ ᠳᠤᠨᠢ ᠰᠤᠯᠢᠵᠦ᠂ | ᠲᠡᠷᠭᠡᠨ ᠵᠠᠮ᠂ ᠵᠠᠮ ᠤᠨ ᠠᠭᠤᠯᠵᠠᠷ ᠤᠨ ᠵᠠᠮ ᠬᠠᠷᠢᠯᠴᠠᠭᠠᠨ ᠤ ᠪᠠᠶᠢᠳᠠᠯ ᠨᠢ ᠪᠦᠷ ᠲᠣᠪ ᠲᠣᠳᠣᠷᠬᠠᠶ ᠪᠣᠯᠪᠠ᠃ | ᠪᠦᠬᠦ᠋ᠢᠯᠡ ᠵᠢᠯᠣᠭᠤᠳᠬᠤ ᠲᠥᠪ ᠨᠢ ᠥᠷᠭᠡᠨ ᠠᠭᠤᠳᠠᠮ ᠪᠥᠭᠡᠳ ᠭᠡᠭᠡᠨ ᠰᠠᠷᠠᠭᠤᠯ ᠪᠠᠶᠢᠵᠤ᠂ ᠴᠣ ᠰᠢᠨ᠎ᠡ | ᠲᠥᠬᠦᠭᠡᠷᠦᠮᠵᠢ ᠶᠢ ᠲᠡᠷᠢ ᠲᠡᠭᠰᠢ ᠵᠢᠭᠰᠠᠭᠠᠵᠤ᠂ ᠰᠢᠨᠵᠢᠯᠡᠭᠡ ᠮᠡᠷᠭᠡᠵᠢᠯ ᠤᠨ ᠲᠥᠷᠥᠭᠳᠡᠯ ᠪᠢᠯᠬᠠᠮ᠎ᠠ ᠪᠣᠯᠪᠠ᠃ | ᠠᠵᠢᠯ ᠳᠤ ᠭᠠᠷᠬᠤ ᠪᠠ ᠠᠵᠢᠯ ᠠᠴᠠ ᠪᠠᠭᠤᠬᠤ ᠬᠤᠭᠤᠴᠠᠭᠠᠨ ᠤ ᠲᠡᠷᠭᠡᠨ ᠤ ᠤᠷᠤᠰᠬᠠᠯ ᠤᠨ ᠬᠡᠮᠵᠢᠶ᠎ᠡ ᠶᠡᠭᠡ᠂ | ᠵᠠᠮ ᠬᠠᠷᠢᠯᠴᠠᠭᠠᠨ ᠤ ᠲᠦᠭᠵᠢᠷᠡᠯ ᠠᠮᠠᠷᠬᠠᠨ ᠡᠭᠦᠰᠬᠦ ᠪᠠᠶᠢᠳᠠᠯ ᠳᠤ ᠴᠢᠭᠯᠡᠭᠦᠯᠦᠨ᠂ ᠲᠣᠰ ᠵᠢᠯᠣᠭᠤᠳᠬᠤ ᠲᠥᠪ ᠤᠨ | ᠲᠣᠬᠢᠷᠠᠭᠤᠯᠤᠭᠴᠢ ᠠᠴᠠ ᠵᠠᠮ ᠬᠠᠷᠢᠯᠴᠠᠭᠠᠨ ᠤ ᠣᠶᠤᠨᠴᠢ ᠵᠢᠯᠣᠭᠤᠳᠬᠤ ᠲᠠᠪᠴᠠᠩ ᠢᠶᠠᠷ ᠳᠠᠮᠵᠢᠨ ᠬᠠᠷᠠᠭᠠᠨ | ᠳᠠᠪᠲᠠᠮᠵᠢ ᠪᠠᠷ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠵᠠᠮ ᠤᠨ ᠠᠭᠤᠯᠵᠠᠷ ᠨᠢᠭᠡᠪᠦᠷᠢ᠂ ᠲᠡᠷᠭᠡ | ᠨᠢᠭᠡᠪᠦᠷᠢ ᠶᠢ ᠴᠠᠭ ᠢᠮᠠᠭᠲᠠ ᠠᠩᠬᠠᠷᠴᠤ᠂ ᠡᠯ᠎ᠡ ᠣᠷᠣᠨ ᠪᠦᠰᠡ ᠶᠢᠨ ᠵᠠᠮ ᠤᠨ ᠬᠡᠰᠡᠭ ᠤᠨ ᠲᠡᠷᠭᠡᠨ ᠤᠷᠤᠰᠬᠠᠯ ᠤᠨ | ᠬᠡᠮᠵᠢᠶ᠎ᠡ ᠶᠢ ᠴᠠᠭ ᠲᠤᠬᠠᠶ ᠳᠤᠨᠢ ᠡᠵᠡᠮᠰᠢᠨ᠂ ᠴᠠᠭᠳᠠᠭᠠᠨ ᠤ ᠬᠦᠴᠦᠨ ᠢ ᠰᠢᠨᠵᠢᠯᠡᠬᠦ ᠤᠬᠠᠭᠠᠨᠴᠢ ᠪᠠᠷ ᠵᠢᠯᠣᠭᠤᠳᠤᠨ | ᠲᠣᠬᠢᠷᠠᠭᠤᠯᠵᠤ᠂ ᠬᠠᠷᠢᠶ᠎ᠠ ᠣᠷᠣᠨ ᠤ ᠵᠠᠮ ᠬᠠᠷᠢᠯᠴᠠᠭᠠᠨ ᠤ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨᠬᠦ | ᠪᠠᠲᠤᠯᠠᠪᠠ᠃ | | | | | ᠬᠤᠰᠢᠭᠤᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠶᠢᠨ ᠯᠦᠪᠸᠢ ᠪᠠᠯᠭᠠᠰᠤᠨ ᠤ ᠳᠤᠮᠳᠠ | ᠠᠩᠭᠢ ᠶᠢᠨ ᠬᠠᠷᠢᠭᠤᠴᠠᠯᠭᠠᠲᠠᠨ ᠵᠣᠣ ᠯᠸᠢ᠄ ︽ᠥᠩᠭᠡᠷᠡᠭᠰᠡᠨ ᠳᠤ ᠵᠠᠮ ᠬᠠᠷᠢᠯᠴᠠᠭᠠᠨ ᠤ ᠠᠳᠡᠯ ᠪᠤᠶᠤ ᠵᠠᠮ | ᠬᠠᠷᠢᠯᠴᠠᠭᠠᠨ ᠤ ᠲᠦᠭᠵᠢᠷᠡᠯ ᠤᠨ ᠪᠠᠶᠢᠳᠠᠯ ᠭᠠᠷᠪᠠᠯ᠂ ᠲᠣᠭᠤᠷᠢᠨ ᠴᠠᠭᠳᠠᠬᠤ ᠶᠠᠪᠤᠴᠠ ᠳᠤ ᠰᠠᠶ᠋ᠢ ᠣᠯᠵᠤ ᠮᠡᠳᠡᠵᠦ | ᠳᠠᠬᠢᠨ ᠰᠢᠢᠳᠪᠦᠷᠢᠯᠡᠳᠡᠭ᠂ ᠣᠲᠣ ᠵᠠᠮ ᠬᠠᠷᠢᠯᠴᠠᠭᠠᠨ ᠤ ᠵᠢᠯᠣᠭᠤᠳᠬᠤ ᠲᠠᠪᠴᠠᠩ ᠤᠨ ᠲᠣᠬᠢᠷᠠᠭᠤᠯᠤᠯᠲᠠ ᠪᠠᠷ | ᠳᠡᠮᠵᠢᠨ᠂ ᠲᠦᠷᠭᠡᠨ ᠴᠤᠤᠷᠢᠶᠠᠳᠤᠵᠦ᠂ ᠴᠠᠭ ᠲᠤᠬᠠᠶ ᠳᠤᠨᠢ ᠰᠢᠢᠳᠪᠦᠷᠢᠯᠡᠵᠦ᠂ ᠠᠵᠢᠯ ᠤᠨ ᠦᠷ᠎ᠡ ᠪᠦᠲᠦᠮᠵᠢ ᠪᠠᠨ | ᠶᠡᠭᠡ ᠪᠠᠷ ᠳᠡᠭᠡᠭᠰᠢᠯᠡᠭᠦᠯᠦᠨ᠂ ᠵᠠᠮ ᠮᠦᠷ ᠤᠨ ᠠᠮᠤᠷ ᠲᠦᠪᠰᠢᠨ ᠪᠠ ᠰᠠᠭᠠᠳ ᠥᠬᠡᠶ ᠨᠡᠪᠲᠡᠷᠡᠬᠦ ᠶᠢ ᠪᠠᠲᠤᠯᠠᠭᠰᠠᠨ︾ | ᠭᠡᠵᠦ ᠲᠠᠨᠢᠯᠴᠠᠭᠤᠯᠤᠭᠰᠠ ᠪᠠᠶᠢᠨ᠎ᠠ᠃ | | | | | ᠬᠤᠲᠠ ᠶᠢᠨ ᠵᠠᠮ ᠬᠠᠷᠢᠯᠴᠠᠭᠠᠨ ᠤ ᠬᠢᠨᠠᠨ ᠡᠵᠡᠮᠳᠡᠬᠦ ᠳᠡᠰ ᠳᠡᠪᠰᠢᠭᠦᠯᠬᠦ ᠥᠭᠡᠷᠡᠴᠢᠯᠡᠯᠲᠡ ᠨᠢ ᠪᠠᠰᠠ ᠰᠠᠭᠤᠭᠠᠯᠢ | ᠠᠷᠠᠳ ᠤᠨ ᠶᠠᠪᠤᠵᠤ ᠰᠠᠭᠤᠬᠤ ᠳᠤ ᠣᠯᠠᠨ ᠵᠦᠢᠯ ᠤᠨ ᠳᠥᠭᠦᠮ ᠦᠵᠡᠭᠦᠯᠪᠡ᠃ ᠲᠡᠷᠡ ᠨᠢ ᠳᠦᠷᠢᠮ ᠠᠴᠠ | ᠵᠥᠷᠢᠴᠡᠭᠰᠡᠨ ᠠᠵᠢᠯᠯᠠᠭ᠎ᠠ ᠶᠢ ᠨᠡᠩ ᠣᠨᠣᠪᠴᠢᠲᠠᠶ ᠣᠯᠵᠤ ᠬᠠᠷᠠᠨ᠂ ᠵᠠᠮ ᠬᠠᠷᠢᠯᠴᠠᠭᠠᠨ ᠤ ᠠᠳᠡᠯ ᠢ ᠪᠠᠭᠠᠰᠬᠠᠨ᠂ | ᠭᠠᠳᠠᠭᠰᠢ ᠭᠠᠷᠬᠤ ᠶᠢ ᠨᠡᠩ ᠠᠮᠤᠷ ᠲᠦᠪᠰᠢᠨ ᠪᠠᠶᠢᠯᠭᠠᠵᠤ᠂ ᠵᠠᠮ ᠨᠡᠪᠲᠡᠷᠡᠯᠭᠡ ᠶᠢᠨ ᠦᠷ᠎ᠡ ᠪᠦᠲᠦᠮᠵᠢ ᠶᠢ ᠶᠡᠬᠡᠪᠡᠷ | ᠳᠡᠭᠡᠭᠰᠢᠯᠡᠭᠦᠯᠪᠡ᠃ | ︽ ᠪᠢ ᠡᠳᠦᠷ ᠡᠳᠦᠷ ᠲᠦᠷᠭᠡᠨ ᠬᠦᠷᠭᠡᠯᠲᠡ ᠬᠦᠷᠭᠡᠵᠦ ᠪᠠᠶᠢᠨ᠎ᠠ᠂ ᠡᠨᠡ ᠬᠡᠳᠦᠨ ᠡᠳᠦᠷ ᠵᠠᠮ ᠮᠦᠷ ᠨᠠᠩ | ᠰᠠᠭᠠᠳ ᠥᠬᠡᠶ ᠨᠡᠪᠲᠡᠷᠡᠵᠦ᠂ ᠲᠣᠭᠲᠠᠭᠠᠯ ᠢ ᠵᠦᠷᠢᠴᠡᠨ ᠲᠡᠷᠭᠡ ᠵᠤᠭᠰᠤᠬᠤ ᠪᠠᠶᠢᠳᠠᠯ ᠮᠠᠰᠢ ᠴᠥᠭᠡᠨ ᠪᠣᠯᠪᠠ︾ | ᠭᠡᠵᠦ ᠰᠢᠤᠳᠠᠨ ᠳᠠᠮᠵᠢᠭᠤᠯᠤᠭᠴᠢ ᠵᠠᠩ ᠬᠤᠩ ᠪᠦᠸᠧ ᠮᠠᠰᠢ ᠪᠠᠶᠠᠷᠲᠠᠢ ᠪᠠᠷ ᠬᠡᠯᠡᠪᠡ᠃ | | | | | ᠬᠥᠮᠦᠨ᠂ ᠲᠡᠷᠭᠡ᠂ ᠵᠠᠮ ᠵᠡᠷᠭᠡ ᠵᠠᠮ ᠬᠠᠷᠢᠯᠴᠠᠭᠠᠨ ᠤ ᠠᠮᠤᠷ ᠲᠦᠪᠰᠢᠨ ᠤ ᠬᠦᠴᠦᠨ ᠵᠦᠢᠯ ᠤᠨ ᠲᠦᠷᠭᠡᠨ | ᠨᠡᠮᠡᠭᠳᠡᠯ ᠠᠴᠠ ᠪᠣᠯᠤᠭᠰᠠᠨ ᠠᠯᠢ ᠣᠯᠠᠨ ᠠᠰᠠᠭᠤᠳᠠᠯ ᠳᠤ ᠴᠢᠭᠯᠡᠭᠦᠯᠦᠨ᠂ 2024 ᠣᠨ ᠳᠤ᠂ ᠵᠠᠷᠤᠳ ᠬᠤᠰᠢᠭᠤ | 890 ᠭᠠᠷᠤᠶ ᠲᠦᠮᠡᠨ ᠲᠥᠭᠦᠷᠢᠭ ᠤᠨ ᠪᠠᠯᠠ ᠣᠷᠣᠭᠤᠯᠵᠤ᠂ ︽ᠤᠷᠢᠳᠴᠢᠯᠠᠨ ᠰᠡᠷᠡᠮᠵᠢᠯᠡᠭᠦᠯᠵᠦ ᠬᠢᠨᠠᠨ | ᠪᠠᠶᠢᠴᠠᠭᠠᠬᠤ᠂ ᠵᠠᠮ ᠤᠨ ᠭᠠᠳᠠᠷᠭᠤ ᠶᠢ ᠰᠢᠢᠳᠪᠦᠷᠢᠯᠡᠬᠦ᠂ ᠬᠠᠤᠯᠢ ᠠᠴᠠ ᠵᠥᠷᠢᠴᠡᠭᠰᠡᠨ ᠢ ᠪᠠᠶᠢᠴᠠᠭᠠᠨ ᠰᠢᠢᠳᠪᠦᠷᠢᠯᠡᠬᠦ︾ | ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ᠂ ᠪᠥᠬᠦ ᠬᠤᠰᠢᠭᠤᠨ ᠤ ᠤᠯᠤᠰ ᠤᠨ ᠪᠠ ᠮᠤᠵᠢ ᠶᠢᠨ ᠵᠠᠮ | ᠵᠢᠴᠢ ᠬᠤᠲᠠ ᠶᠢᠨ ᠲᠣᠭᠤᠷᠢᠭ ᠲᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠲᠤᠬᠠᠶᠢᠯᠠᠭᠰᠠᠨ | ᠠᠵᠢᠯ ᠢ ᠨᠢᠭᠡ ᠴᠤᠭᠴᠠᠵᠢᠭᠤᠯᠤᠭᠰᠠᠨ ᠲᠠᠪᠴᠠᠩ ᠢ ᠪᠠᠶᠢᠭᠤᠯᠪᠠ᠃ ᠲᠤᠰ ᠲᠠᠪᠴᠠᠩ ᠨᠢ ᠣᠯᠠᠨ ᠵᠠᠮ | ᠬᠠᠷᠢᠯᠴᠠᠭᠠᠨ ᠤ ᠬᠠᠮᠢᠶᠠᠷᠤᠯᠲᠠ ᠬᠡᠷᠡᠭᠯᠡᠯᠲᠡ ᠶᠢ ᠬᠤᠷᠠᠮᠳᠤᠭᠤᠯᠵᠤ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ᠂ | ᠲᠤᠬᠠᠶ ᠶᠢᠨ ᠲᠠᠯᠠᠪᠤᠷ ᠤᠨ ᠪᠤᠰᠤ ᠬᠠᠤᠯᠢ ᠬᠡᠷᠡᠭᠵᠢᠭᠦᠯᠬᠦ᠂ ᠲᠡᠷᠭᠡ ᠬᠥᠰᠬᠡ ᠶᠢ ᠨᠡᠬᠡᠮᠵᠢᠯᠡᠨ ᠪᠠᠶᠢᠴᠠᠭᠠᠵᠤ | ᠪᠠᠶᠢᠷᠢᠯᠠᠭᠤᠯᠬᠤ᠂ ᠳᠣᠬᠢᠶ᠎ᠠ ᠶᠢ ᠡᠵᠡᠮᠳᠡᠬᠦ ᠪᠠ ᠠᠵᠢᠯᠯᠠᠭᠠᠨ ᠢ ᠬᠢᠨᠠᠨ ᠬᠡᠮᠵᠢᠬᠦ᠂ ᠨᠣᠭᠤᠭᠠᠨ ᠳᠣᠯᠭᠢᠶᠠᠨ ᠤ ᠪᠦᠰᠡ ᠶᠢ | ᠬᠠᠮᠢᠶᠠᠷᠤᠨ ᠡᠵᠡᠮᠳᠡᠬᠦ᠂ ᠮᠡᠳᠡᠭᠡ ᠵᠠᠩᠭᠢ ᠶᠢ ᠬᠠᠮᠢᠶᠠᠷᠤᠨ ᠡᠵᠡᠮᠳᠡᠬᠦ᠂ ᠵᠠᠮ ᠤᠨ ᠠᠮᠤᠷ ᠲᠦᠪᠰᠢᠨ ᠢ ᠤᠷᠢᠳᠴᠢᠯᠠᠨ | ᠰᠡᠷᠡᠮᠵᠢᠯᠡᠭᠦᠯᠬᠦ᠂ ᠴᠠᠭᠳᠠᠭᠠᠨ ᠤ ᠪᠠᠶᠢᠳᠠᠯ ᠢ ᠬᠠᠷᠠᠭᠠᠨ ᠳᠠᠪᠲᠠᠮᠵᠢ ᠪᠠᠷ ᠲᠣᠭᠤᠷᠢᠨ ᠪᠠᠶᠢᠴᠠᠭᠠᠬᠤ᠂ ᠵᠠᠮ | ᠬᠠᠷᠢᠯᠴᠠᠭᠠᠨ ᠤ ᠮᠡᠳᠡᠭᠡ ᠵᠠᠩᠭᠢ ᠶᠢ ᠬᠥᠲᠥᠯᠥᠨ ᠵᠢᠯᠣᠭᠤᠳᠬᠤ ᠵᠡᠷᠭᠡ ᠶᠢ ᠬᠠᠮᠤᠷᠤᠭᠰᠠᠨ ᠪᠥᠭᠡᠳ ᠬᠠᠷᠠᠭᠠᠨ | ᠳᠠᠪᠲᠠᠮᠵᠢ ᠪᠠ ᠲᠤᠭ᠎ᠠ ᠪᠠᠷᠢᠮᠲᠠ ᠶᠢᠨ ᠬᠠᠮᠲᠤ ᠪᠠᠷ ᠡᠳ᠋ᠯᠡᠬᠦ ᠴᠢᠳᠠᠪᠤᠷᠢ ᠶᠢ ᠪᠦᠷᠢᠯᠳᠦᠭᠦᠯᠦᠭᠰᠡᠨ ᠪᠠᠶᠢᠨ᠎ᠠ ᠃ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ | ᠠᠩᠭᠢ ᠶᠢᠨ ᠵᠢᠯᠣᠭᠤᠳᠬᠤ ᠲᠥᠪ ᠤᠨ ᠬᠠᠷᠢᠭᠤᠴᠠᠯᠭᠠᠲᠠᠨ ᠪᠠᠲᠤᠮᠥ᠋ᠩᠬᠡ᠄ ︽ᠰᠢᠨᠵᠢᠯᠡᠭᠡ ᠮᠡᠷᠭᠡᠵᠢᠯ ᠤᠨ | ᠲᠥᠬᠦᠭᠡᠷᠦᠮᠵᠢ ᠶᠢᠨ ᠰᠢᠰᠲ᠋ᠧᠮ ᠤᠨ ᠲᠠᠰ ᠳᠡᠪᠰᠢᠵᠦ᠂ ᠪᠥᠬᠦ ᠬᠤᠰᠢᠭᠤᠨ ᠤ ᠵᠠᠮ ᠬᠠᠷᠢᠯᠴᠠᠭᠠᠨ ᠤ ᠤᠷᠤᠰᠬᠠᠯ ᠤᠨ | ᠬᠡᠮᠵᠢᠶ᠎ᠡ ᠶᠢ ᠣᠶᠤᠨᠴᠢ ᠪᠠᠷ ᠨᠡᠪᠲᠡᠷᠡᠭᠦᠯᠦᠨ ᠰᠠᠯᠭᠠᠨ ᠲᠣᠬᠢᠷᠠᠭᠤᠯᠵᠤ᠂ ᠲᠡᠷᠭᠡ ᠬᠥᠰᠬᠡ ᠶᠢᠨ ᠠᠵᠢᠯᠯᠠᠭᠠᠨ ᠤ ᠦᠷ᠎ᠡ | ᠪᠦᠲᠦᠮᠵᠢ ᠶᠢ ᠲᠦᠢᠯ ᠤᠨ ᠶᠡᠭᠡ ᠪᠠᠷ ᠳᠡᠭᠡᠭᠰᠢᠯᠡᠭᠦᠯᠦᠨ᠂ ᠣᠯᠠᠨ ᠲᠦᠮᠡᠨ ᠤ ᠶᠠᠪᠤᠵᠤ ᠰᠠᠭᠤᠬᠤ ᠴᠠᠭ ᠢ ᠠᠷᠪᠢᠯᠠᠵᠤ᠂ | ᠵᠠᠮ ᠬᠠᠷᠢᠯᠴᠠᠭᠠᠨ ᠤ ᠠᠳᠡᠯ ᠭᠠᠷᠬᠤ ᠨᠣᠷᠮ᠎ᠠ ᠶᠢ ᠪᠠᠭᠤᠷᠠᠭᠤᠯᠪᠠ᠃ ᠡᠭᠦᠨ ᠤ ᠬᠠᠮᠲᠤ᠂ ᠣᠯᠠᠨ ᠲᠦᠮᠡᠨ ᠳᠤ ᠴᠠᠭ | ᠲᠤᠬᠠᠶ ᠳᠤᠨᠢ ᠲᠥᠬᠦᠮ ᠦᠵᠡᠭᠦᠯᠬᠦ ᠵᠠᠮ ᠬᠠᠷᠢᠯᠴᠠᠭᠠᠨ ᠤ ᠬᠥᠲᠥᠯᠦᠨ ᠵᠢᠯᠣᠭᠤᠳᠬᠤ ᠮᠡᠳᠡᠭᠡ ᠵᠠᠩᠭᠢ ᠶᠢᠨ | ᠦᠢᠯᠡᠴᠢᠯᠡᠭᠡ ᠬᠠᠩᠭᠠᠵᠤ᠂ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠨ ᠡᠵᠡᠮᠳᠡᠬᠦ ᠴᠢᠳᠠᠪᠤᠷᠢ ᠪᠠ ᠨᠡᠶᠢᠭᠡᠮ ᠤᠨ | ᠦᠢᠯᠡᠴᠢᠯᠡᠭᠡᠨ ᠤ ᠬᠢᠷᠢ ᠲᠦᠪᠰᠢᠨ ᠢ ᠲᠦᠢᠯ ᠤᠨ ᠶᠡᠭᠡ ᠪᠠᠷ ᠳᠡᠭᠡᠭᠰᠢᠯᠡᠭᠦᠯᠪᠡ︾ ᠭᠡᠵᠦ ᠲᠠᠨᠢᠯᠴᠠᠭᠤᠯᠤᠭᠰᠠ | ᠪᠠᠶᠢᠨ᠎ᠠ᠃ | | | | | ᠣᠲᠣ ᠪᠣᠯᠲᠠᠯ᠎ᠠ᠂ ᠨᠢᠭᠡᠨᠲᠡ ᠪᠥᠬᠦ ᠬᠤᠰᠢᠭᠤᠨ ᠤ ᠤᠯᠤᠰ ᠤᠨ ᠪᠠ ᠮᠤᠵᠢ ᠶᠢᠨ ᠳᠡᠰ ᠤᠨ ᠵᠠᠮ ᠵᠢᠴᠢ | ᠬᠤᠲᠠ ᠶᠢᠨ ᠲᠣᠭᠤᠷᠢᠭ ᠤᠨ ᠲᠤᠨᠤᠯᠵᠢᠨ ᠵᠠᠮ ᠤᠨ ᠠᠭᠤᠯᠵᠠᠷ ᠤᠨ ᠡᠯᠧᠺᠲᠷᠣᠨ ᠴᠠᠭᠳᠠᠭ᠎ᠠ ᠶᠢ ᠲᠤᠰ ᠲᠤᠰ11 | ᠭᠠᠵᠠᠷ ᠲᠤ ᠥᠭᠡᠷᠡᠴᠢᠯᠡᠨ ᠵᠠᠰᠠᠭᠰᠠᠨ ᠪᠠ ᠰᠢᠨ᠎ᠡ ᠪᠠᠷ ᠨᠡᠮᠡᠵᠦ ᠵᠠᠰᠠᠪᠠ᠂ ᠬᠤᠲᠠ ᠶᠢᠨ ᠲᠣᠭᠤᠷᠢᠭ ᠤᠨ ᠭᠤᠤᠯ | ᠪᠣᠯᠬᠤ 7 ᠭᠠᠵᠠᠷ ᠲᠤ ᠲᠣᠭᠲᠠᠭᠠᠯ ᠠᠴᠠ ᠵᠥᠷᠢᠴᠡᠭᠰᠡᠨ ᠲᠡᠷᠭᠡ ᠵᠤᠭᠰᠤᠬᠤ ᠶᠢ ᠴᠠᠭᠳᠠᠬᠤ ᠲᠣᠨᠤᠭ | ᠲᠥᠬᠦᠭᠡᠷᠦᠮᠵᠢ ᠶᠢ ᠰᠢᠨ᠎ᠡ ᠪᠠᠷ ᠤᠭᠰᠠᠷᠠᠵᠤ ᠂ 2 ᠭᠤᠤᠯ ᠬᠤᠲᠠ ᠶᠢᠨ ᠲᠣᠭᠤᠷᠢᠭ ᠤᠨ ᠲᠠᠩ ᠠᠶᠠᠯᠠᠬᠤ ᠵᠠᠮ ᠤᠨ | ᠡᠯᠧᠺᠲᠷᠣᠨ ᠴᠠᠭᠳᠠᠭ᠎ᠠ ᠶᠢ ᠥᠭᠡᠷᠡᠴᠢᠯᠡᠨ ᠵᠠᠰᠠᠵᠤ᠂ 7ᠤᠯᠤᠰ ᠤᠨ ᠪᠠ ᠮᠤᠵᠢ ᠶᠢᠨ ᠳᠡᠰ ᠤᠨ ᠵᠠᠮ ᠤᠨ | ᠬᠤᠷᠳᠤᠴᠠ ᠶᠢ ᠬᠡᠮᠵᠢᠬᠦ ᠲᠣᠨᠤᠭ ᠲᠥᠬᠦᠭᠡᠷᠦᠮᠵᠢ ᠶᠢ ᠥᠭᠡᠷᠡᠴᠢᠯᠡᠨ ᠵᠠᠰᠠᠵᠦ᠂ 10ᠭᠤᠤᠯ ᠬᠤᠲᠠ ᠶᠢᠨ | ᠲᠣᠭᠤᠷᠢᠭ ᠤᠨ ᠲᠣᠨᠣᠯᠵᠢᠨ ᠵᠠᠮ ᠤᠨ ᠠᠭᠤᠯᠵᠠᠷ ᠤᠨ ᠬᠢ ᠵᠠᠮ ᠬᠠᠷᠢᠯᠴᠠᠭᠠᠨ ᠤ ᠳᠣᠬᠢᠶᠠᠨ ᠳ᠋ᠧᠩ ᠢ ᠰᠢᠨ᠎ᠡ ᠪᠠᠷ | ᠤᠭᠰᠠᠷᠠᠨ᠂ 14 ᠭᠤᠤᠯ ᠬᠤᠲᠠ ᠶᠢᠨ ᠲᠣᠭᠤᠷᠢᠭ ᠤᠨ ᠲᠣᠨᠣᠯᠵᠢᠨ ᠵᠠᠮ ᠤᠨ ᠠᠭᠤᠯᠵᠠᠷ ᠤᠨ ᠵᠠᠮ ᠬᠠᠷᠢᠯᠴᠠᠭᠠᠨ ᠤ | ᠳᠣᠬᠢᠶᠠᠨ ᠳ᠋ᠧᠩ ᠢ ᠥᠭᠡᠷᠡᠴᠢᠯᠡᠨ ᠰᠠᠶᠢᠵᠢᠷᠠᠭᠤᠯᠵᠤ᠂ 4 ᠭᠤᠤᠯ ᠬᠤᠲᠠ ᠶᠢᠨ ᠲᠣᠭᠤᠷᠢᠭ ᠤᠨ ᠲᠣᠨᠣᠯᠵᠢᠨ ᠵᠠᠮ ᠤᠨ | ᠠᠭᠤᠯᠵᠠᠷ ᠤᠨ ᠠᠮᠤᠷ ᠲᠦᠪᠰᠢᠨ ᠤ ᠪᠦᠰᠡ ᠶᠢ ᠪᠦᠰᠡᠯᠡᠭᠰᠡᠨ ᠡᠰᠡᠬᠦ ᠶᠢ ᠵᠠᠪᠳᠤᠨ ᠰᠡᠭᠦᠳᠡᠷᠯᠡᠬᠦ ᠲᠥᠬᠦᠭᠡᠷᠦᠮᠵᠢ ᠶᠢ | ᠰᠢᠨ᠎ᠡ ᠪᠠᠷ ᠤᠭᠰᠠᠷᠠᠵᠤ᠂ 6 ᠭᠤᠤᠯ ᠬᠤᠲᠠ ᠶᠢᠨ ᠲᠣᠭᠤᠷᠢᠭ ᠤᠨ ᠲᠣᠨᠣᠯᠵᠢᠨ ᠵᠠᠮ ᠤᠨ ᠠᠭᠤᠯᠵᠠᠷ ᠤᠨ ᠣᠶᠤᠨᠴᠢ | ᠬᠤᠪᠢᠰᠬᠠᠬᠤ ᠳ᠋ᠧᠩ ᠵᠢᠴᠢ ᠲᠡᠷᠭᠡᠨ ᠤ ᠤᠷᠤᠰᠬᠠᠯ ᠢ ᠬᠠᠮᠢᠶᠠᠷᠤᠨ ᠡᠵᠡᠮᠳᠡᠬᠦ ᠲᠥᠬᠦᠭᠡᠷᠦᠮᠵᠢ ᠶᠢ ᠰᠢᠨ᠎ᠡ ᠪᠠᠷ | ᠪᠠᠶᠢᠭᠤᠯᠵᠤ᠂ 1 ᠢᠵᠢ ᠵᠠᠮ ᠬᠠᠷᠢᠯᠴᠠᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠠᠪᠴᠠᠩ ᠪᠠ 1 ᠢᠵᠢ | ᠣᠶᠤᠨᠴᠢ ᠵᠠᠮ ᠬᠠᠷᠢᠯᠴᠠᠭᠠᠨ ᠤ ᠳᠣᠬᠢᠶᠠᠨ ᠡᠵᠡᠮᠰᠢᠯ ᠤᠨ ᠲᠠᠪᠴᠠᠩ ᠢ ᠪᠠᠶᠢᠭᠤᠯᠪᠠ᠃ |