11 ᠰᠠᠷ᠎ᠠ ᠶᠢᠨ 25 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ ᠪᠦᠯᠬᠦᠮ ᠳᠠᠭᠠᠭᠤᠯᠤᠨ ᠪᠥᠬᠦ ᠬᠤᠰᠢᠭᠤᠨ ᠤ ᠠᠶᠤᠯᠲᠠᠶ ᠬᠢᠮᠢ ᠶᠢᠨ | ᠪᠣᠳᠠᠰ ᠪᠠ ᠬᠤᠸᠠᠷ ᠫᠤᠤᠵᠢᠩ ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ | ᠠᠵᠢᠯ ᠢ ᠪᠠᠶᠢᠴᠠᠭᠠᠵᠤ᠂ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠪᠠᠷ᠎ᠠ ᠪᠣᠯᠪᠠ᠃ | | | | | ᠮᠦ ᠲᠢᠶᠧ ᠮᠢᠨ ᠬᠠᠮᠲᠦ ᠶᠠᠪᠤᠭᠰᠠᠳ ᠲᠠᠢ ᠪᠠᠨ ᠤᠷᠢᠳ ᠬᠤᠵᠢᠳ ᠬᠤᠩ ᠰᠧᠨ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠰᠢᠨ ᠱᠧᠩ ᠲᠡᠮᠦᠷᠯᠢᠭ ᠤᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠺᠤᠮᠫᠠᠨᠢ ᠶᠢᠨ | ᠵᠠᠷᠤᠳᠨᠢᠭᠡᠳᠦᠭᠡᠷ ᠲᠣᠰᠣ ᠨᠡᠮᠡᠬᠦ ᠥᠷᠲᠡᠭᠡ᠂ ᠳ᠋ᠦᠩ ᠱᠧᠩ ᠲᠣᠰᠣ ᠨᠡᠮᠡᠬᠦ ᠥᠷᠲᠡᠭᠡ᠂ ᠲᠦᠩᠯᠢᠶᠣᠤ ᠬᠤᠲᠠ ᠶᠢᠨ | ᠶᠢᠩ ᠪᠢᠨ ᠲᠣᠰᠣ ᠨᠡᠮᠡᠬᠦ ᠥᠷᠲᠡᠭᠡ ᠳᠤ ᠭᠦᠨᠵᠡᠭᠡᠶᠢᠷᠡᠵᠦ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ | ᠴᠢᠩᠭ᠎ᠠ ᠨᠠᠶᠢᠳᠠᠪᠤᠷᠢᠵᠢᠭᠤᠯᠤᠭᠰᠠᠨ ᠡᠰᠡᠬᠦ᠂ ᠠᠵᠢᠯᠯᠠᠵᠤ ᠪᠠᠶᠢᠭ᠎ᠠ ᠬᠥᠮᠦᠰ ᠠᠵᠤ ᠠᠬᠤᠶᠢᠯᠠᠯ ᠤᠨ ᠠᠵᠢᠯᠯᠠᠬᠤ | ᠲᠦᠷᠢᠮ ᠢ ᠴᠢᠩᠭ᠎ᠠ ᠵᠢᠷᠤᠮᠯᠠᠭᠰᠠᠨ ᠡᠰᠡᠬᠦ᠂ ᠬᠥᠮᠦᠵᠢᠯ ᠪᠣᠯᠪᠠᠰᠤᠷᠠᠭᠤᠯᠤᠯ ᠢ ᠵᠢᠷᠤᠮᠵᠢᠯ ᠶᠣᠰᠣᠭᠠᠷ ᠬᠢᠭᠰᠡᠨ ᠡᠰᠡᠬᠦ᠂ | ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠦᠭᠰᠡᠨ ᠡᠰᠡᠬᠦ᠂ ᠪᠠᠴᠢᠮ ᠪᠠᠶᠢᠳᠠᠯ ᠢ | ᠠᠷᠭᠠᠴᠠᠭᠠᠬᠤ ᠰᠣᠷᠢᠯᠲᠠ ᠶᠢ ᠥᠷᠨᠢᠭᠦᠯᠦᠭᠰᠡᠨ ᠡᠰᠡᠬᠦ᠂ ᠲᠠᠯᠠᠪᠤᠷ ᠭᠠᠵᠠᠷ ᠤᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠢ | ᠪᠦᠷᠢᠨ ᠲᠣᠬᠢᠷᠠᠭᠤᠯᠤᠭᠰᠠᠨ ᠡᠰᠡᠬᠦ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠪᠠ᠃ | | | | | ᠮᠦ ᠲᠢᠶᠧ ᠮᠢᠨ ᠬᠡᠯᠡᠬᠦ ᠳᠡᠭᠡᠨ᠂ ᠡᠪᠦᠯ ᠤᠨ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠣᠨᠴᠠᠯᠢᠭ ᠲᠤ | ᠴᠢᠭᠯᠡᠭᠦᠯᠦᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽ᠭᠤᠷᠪᠠ ᠶᠢ ᠬᠠᠮᠢᠶᠠᠷᠴᠤ ᠭᠤᠷᠪᠠ ᠶᠢ | ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶᠡᠨ ᠤ | ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ︽ᠭᠦᠨᠵᠡᠭᠡᠢ ᠵᠢᠭᠰᠠᠭᠠᠨ | ᠪᠠᠶᠢᠴᠠᠭᠠᠬᠤ᠂ ᠪᠦᠬᠦᠨ ᠢ ᠬᠠᠮᠦᠷᠬᠤ᠂ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ︾ ᠵᠠᠷᠴᠢᠮ ᠢ ᠪᠠᠷᠢᠮᠲᠠᠯᠠᠵᠤ᠂ | ᠬᠠᠷᠢᠶ᠎ᠠ ᠣᠷᠣᠨ ᠤ ᠠᠶᠤᠯᠲᠠᠢ ᠳᠡᠯᠪᠡᠷᠡᠯᠲᠡ ᠶᠢᠨ ᠠᠵᠤ ᠠᠬᠤᠶᠢᠯᠠᠯ᠂ ᠲᠤᠰᠤ ᠨᠡᠮᠡᠬᠦ ᠦᠷᠳᠡᠭᠡ᠂ ᠰᠢᠩᠭᠡᠨᠵᠢᠮᠡᠯ | ᠬᠡᠢ ᠶᠢᠨ ᠦᠷᠳᠡᠭᠡ ᠵᠡᠷᠭᠡ ᠭᠤᠣᠯᠳᠠᠯᠭ᠎ᠠ ᠲᠠᠢ ᠨᠢᠭᠡᠴᠡ ᠵᠢᠴᠢ ᠠᠵᠢᠯ ᠲᠦᠷᠦᠯ ᠤᠨ ᠲᠠᠯᠠᠪᠤᠷ ᠤᠨ ᠠᠮᠤᠷ | ᠲᠦᠪᠰᠢᠨ ᠤ ᠬᠠᠮᠢᠶᠠᠷᠤᠯᠲᠠ ᠶᠢᠨ ᠳᠤᠲᠠᠭᠳᠠᠯ ᠪᠣᠯᠤᠨ ᠭᠡᠮ ᠰᠣᠭᠤᠭ ᠤᠨ ᠠᠰᠠᠭᠤᠳᠠᠯ ᠢ ᠴᠢᠩᠭ᠎ᠠ ᠠᠩᠬᠠᠷᠴᠤ᠂ ᠭᠡᠮ | ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠠᠮᠤᠷ ᠲᠦᠪᠰᠢᠨ ᠤ | ᠪᠠᠶᠢᠴᠠᠭᠠᠯᠲᠠ ᠶᠢ ᠪᠠᠶᠢᠩᠭᠤ ᠦᠷᠨᠢᠭᠦᠯᠵᠦ᠂ ᠠᠰᠠᠭᠤᠳᠠᠯ ᠤᠨ ᠭᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠶᠢ | ᠥᠨᠳᠥᠷ ᠦᠷ᠎ᠡ ᠪᠦᠲᠦᠮᠵᠢᠲᠡᠢ ᠪᠠᠷ ᠪᠡᠶᠡᠯᠡᠭᠦᠯᠵᠦ᠂ ᠠᠰᠠᠭᠤᠳᠠᠯ ᠢ ᠰᠢᠢᠳᠪᠦᠷᠢᠯᠡᠬᠦ ᠪᠠ ᠲᠦᠷᠭᠡᠨ ᠴᠤᠤᠷᠢᠶᠠᠳᠤᠬᠤ | ᠶᠢ ᠲᠠᠰᠤᠷᠠᠯᠲᠠ ᠦᠭᠡᠢ ᠴᠢᠩᠭᠠᠳᠬᠠᠵᠤ᠂ ᠡᠯ᠎ᠡ ᠲᠦᠷᠦᠯ ᠤᠨ ᠠᠳᠡᠯ ᠤᠨ ᠭᠡᠮ ᠰᠣᠭᠤᠭ ᠢ ︽ᠬᠥᠳᠡᠯᠦᠩᠭᠦᠢ ᠪᠠᠷ | ᠦᠭᠡᠶᠢᠰᠬᠡᠬᠦ︾ ᠶᠢ ᠠᠬᠢᠭᠤᠯᠬᠤ ᠬᠡᠷᠡᠭᠲᠡᠢ ᠭᠡᠪᠡ᠃ |