| 11 ᠰᠠᠷ᠎ᠠ ᠶᠢᠨ 25 ᠤ ᠡᠳᠦᠷ ᠠᠴᠠ 26 ᠤ ᠡᠳᠦᠷ ᠪᠣᠯᠲᠠᠯ᠎ᠠ᠂ ᠮᠧᠩ ᠰᠢᠶᠠᠨ ᠳ᠋ᠦᠩ ᠵᠠᠷᠤᠳ | ᠬᠤᠰᠢᠭᠤᠨ ᠳᠤ ᠭᠦᠨᠵᠡᠭᠡᠶᠢᠷᠡᠵᠦ᠂ ᠠᠭᠤᠷᠬᠠᠶ ᠶᠢᠨ ᠦᠢᠯᠡᠰ ᠤᠨ ᠠᠵᠤ ᠠᠬᠤᠶ ᠪᠠ ᠭᠤᠤᠯᠳᠠᠯᠭ᠎ᠠ ᠲᠠᠢ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠠᠬᠤᠢ ᠭᠠᠵᠠᠷ ᠲᠤᠨᠢ ᠪᠠᠶᠢᠴᠠᠭᠠᠨ ᠰᠤᠳᠤᠯᠪᠠ᠃ ᠬᠤᠲᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠮᠡᠷᠭᠡᠨᠪᠠᠲᠤ᠂ ᠬᠤᠲᠠ ᠶᠢᠨ ᠳᠡᠳ᠋ | ᠳᠠᠷᠤᠭ᠎ᠠ ᠯᠢᠦᠶ ᠭᠦᠸᠧ ᠬᠤᠸᠠ ᠪᠣᠯᠤᠨ ᠬᠤᠰᠢᠭᠤᠨ ᠤ ᠤᠳᠤᠷᠢᠳᠤᠯᠭ᠎ᠠ ᠱᠣᠤ ᠶᠠᠨ ᠵᠢᠶᠦ᠋ᠨ᠂ ᠭᠦᠸᠧ ᠶᠠ ᠹᠧᠩ᠂ | ᠸᠠᠩ ᠾᠧ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | 11 ᠰᠠᠷ᠎ᠠ ᠶᠢᠨ 25 ᠤ ᠡᠳᠦᠷ᠂ ᠮᠧᠩ ᠰᠢᠶᠠᠨ ᠳ᠋ᠦᠩ ᠵᠠᠷᠤᠳ ᠬᠤᠰᠢᠭᠤᠨ ᠳᠤ ᠠᠭᠤᠷᠬᠠᠢ ᠶᠢᠨ | ᠭᠠᠷᠤᠯᠲᠠ ᠶᠢᠨ ᠬᠠᠶᠢᠨ ᠰᠢᠨᠵᠢᠯᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ | ᠮᠧᠩ ᠰᠢᠶᠠᠨ ᠳ᠋ᠦᠩ ᠵᠠᠷᠤᠳ ᠬᠤᠰᠢᠭᠤᠨ ᠤ ᠤᠯᠠᠭᠠᠨᠬᠠᠳᠠ ᠰᠤᠮᠤ᠂ ᠰᠢᠶᠠᠩᠱᠠᠨ ᠲᠠᠷᠢᠶᠠᠯᠠᠩ ᠤᠨ ᠲᠠᠯᠠᠪᠠᠢ | ᠪᠣᠯᠤᠨ ᠰᠢᠶᠠᠩᠱᠠᠨ ᠪᠠᠯᠭᠠᠰᠤ ᠵᠡᠷᠭᠡ ᠭᠠᠵᠠᠷ ᠲᠤ ᠬᠦᠷᠴᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ | ᠬᠠᠶᠢᠨ ᠰᠢᠨᠵᠢᠯᠡᠯᠲᠡ ᠶᠢᠨ ᠠᠬᠢᠴᠠ ᠶᠢ ᠨᠠᠷᠢᠨ ᠣᠶᠢᠯᠠᠭᠠᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ | ᠲᠠᠷᠬᠠᠯᠲᠠ᠂ ᠬᠠᠳᠠᠭᠠᠯᠠᠭᠳᠠᠴᠠ ᠪᠣᠯᠤᠨ ᠨᠡᠭᠡᠭᠡᠨ ᠠᠰᠢᠭᠯᠠᠬᠤ ᠲᠥᠯᠥᠪᠯᠡᠭᠡ ᠵᠡᠷᠭᠡ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠪᠠ᠃ ᠲᠡᠷᠡ ᠴᠢᠬᠤᠯᠠᠴᠢᠯᠠᠭᠰᠠᠨ ᠨᠢ᠂ ᠵᠠᠷᠤᠳ ᠬᠤᠰᠢᠭᠤᠨ ᠤ ᠠᠭᠤᠷᠬᠠᠢ ᠶᠢᠨ | ᠭᠠᠷᠤᠯᠲᠠ ᠶᠢᠨ ᠡᠬᠢ ᠪᠠᠶᠠᠯᠢᠭ ᠡᠯᠪᠡᠭ᠂ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ᠂ ᠦᠵᠡᠯ ᠰᠠᠨᠠᠭ᠎ᠠ ᠪᠠᠨ | ᠨᠢᠭᠡᠳᠬᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠠᠭᠤᠷᠬᠠᠢ ᠶᠢᠨ ᠦᠢᠯᠡᠰ ᠤᠨ ᠠᠵᠤ ᠠᠬᠤᠢ ᠶᠢ | ᠵᠠᠷᠤᠳ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠲᠤᠯᠭᠠᠭᠤᠷᠢᠯᠠᠯ ᠪᠣᠯᠭᠠᠵᠤ᠂ | ᠰᠢᠰᠲ᠋ᠧᠮ ᠲᠠᠢ ᠲᠥᠯᠥᠪᠵᠢᠭᠦᠯᠵᠦ᠂ ᠭᠤᠣᠯᠳᠠᠯᠭ᠎ᠠ ᠶᠢ ᠳᠤᠪᠤᠶᠢᠯᠭᠠᠵᠤ᠂ ᠠᠯᠬᠤᠮ ᠬᠤᠪᠢᠶᠠᠨ ᠬᠡᠷᠡᠭᠵᠢᠭᠦᠯᠵᠦ᠂ | ᠡᠷᠲᠡᠬᠡᠨ ᠰᠢᠪᠳᠣᠯᠣᠯᠲᠠ ᠶᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠨ ᠠᠭᠤᠷᠬᠠᠢ | ᠡᠷᠢᠵᠦ᠂ ᠠᠭᠤᠷᠬᠠᠢ ᠡᠷᠢᠬᠦ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠲᠤᠰᠬᠠᠢ ᠮᠡᠷᠭᠡᠵᠢᠯ ᠤᠨ ᠬᠦᠴᠦᠨ ᠢ | ᠠᠰᠢᠭᠯᠠᠨ᠂ ᠵᠠᠬ᠎ᠠ ᠳᠡᠯᠭᠡᠭᠦᠷ ᠤᠨ ᠦᠢᠯᠡᠳᠦᠯ ᠢ ᠪᠠᠳᠠᠷᠠᠭᠤᠯᠵᠤ᠂ ᠠᠭᠤᠷᠬᠠᠢ ᠶᠢᠨ ᠭᠠᠷᠤᠯᠲᠠ ᠶᠢᠨ ᠡᠬᠢ | ᠪᠠᠶᠠᠯᠢᠭ ᠤᠨ ᠰᠠᠭᠤᠷᠢ ᠲᠤᠭ᠎ᠠ ᠶᠢ ᠪᠦᠬᠦ ᠲᠠᠯ᠎ᠠ ᠪᠠᠷ ᠲᠣᠳᠣᠷᠬᠠᠢ ᠣᠶᠢᠯᠠᠭᠠᠵᠤ᠂ ᠠᠭᠤᠷᠬᠠᠢ ᠡᠷᠢᠬᠦ ᠠᠵᠢᠯᠯᠠᠭ᠎ᠠ ᠶᠢᠨ | ᠨᠡᠩ ᠶᠡᠭᠡ ᠪᠣᠳᠠᠲᠠᠢ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨᠴᠢ ᠪᠥᠭᠡᠳ | ᠥᠨᠳᠥᠷ ᠪᠦᠲᠦᠮᠵᠢᠲᠡᠶ ᠪᠠᠷ ᠠᠭᠤᠷᠬᠠᠶ ᠨᠡᠭᠡᠭᠡᠵᠦ᠂ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠪᠠ ᠠᠭᠤᠷᠬᠠᠶ ᠶᠢᠨ | ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠡᠬᠢ | ᠪᠠᠶᠠᠯᠢᠭ ᠡᠯᠪᠡᠭ ᠳᠡᠯᠪᠡᠭ᠂ ᠨᠡᠭᠡᠭᠡᠨ ᠬᠥᠭᠵᠢᠭᠦᠯᠬᠦ ᠦᠨ᠎ᠡ ᠥᠷᠲᠡᠭ ᠢᠶᠠᠷ ᠶᠡᠭᠡ ᠠᠭᠤᠷᠬᠠᠶ ᠶᠢᠨ ᠭᠠᠷᠤᠯᠲᠠ ᠶᠢ | ᠲᠥᠪᠯᠡᠷᠡᠭᠦᠯᠦᠨ ᠪᠠᠶᠢᠷᠢᠰᠢᠭᠤᠯᠬᠤ ᠪᠠᠷ ᠴᠢᠷᠮᠠᠶᠢᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ | ᠲᠥᠷᠥᠯ ᠵᠦᠢᠯ ᠤᠨ ᠲᠥᠯᠥᠪᠵᠢᠭᠦᠯᠭᠡ ᠳᠤ ᠣᠷᠣᠭᠤᠯᠬᠤ ᠪᠠᠷ ᠴᠢᠷᠮᠠᠶᠢᠵᠤ᠂ ᠨᠢᠭᠡ ᠪᠦᠯᠦᠭ ᠠᠵᠤ ᠦᠢᠯᠡᠰ ᠤᠨ | ᠬᠡᠯᠬᠢᠶ᠎ᠡ ᠶᠢᠨ ᠰᠠᠭᠤᠷᠢ ᠪᠠ ᠦᠷᠭᠡᠳᠭᠡᠭᠰᠡᠨ ᠲᠥᠷᠥᠯ ᠵᠦᠢᠯ ᠢ ᠶᠡᠭᠡ ᠪᠠᠷ ᠣᠷᠢᠵᠤ ᠠᠪᠴᠢᠷᠠᠨ ᠨᠠᠶᠢᠲᠠᠪᠣᠷᠢᠵᠢᠭᠤᠯᠵᠤ | ᠂ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠦᠷᠭᠡᠪᠴᠢᠯᠡᠨ ᠰᠢᠢᠳᠪᠦᠷᠢᠯᠡᠵᠦ᠂ ᠠᠭᠤᠷᠬᠠᠶ ᠶᠢᠨ | ᠭᠠᠷᠤᠯᠲᠠ ᠶᠢᠨ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠨᠡᠭᠡᠭᠡᠨ ᠠᠰᠢᠭᠯᠠᠬᠤ ᠶᠢ ᠠᠬᠢᠭᠤᠯᠵᠤ᠂ ᠡᠬᠢ | ᠪᠠᠶᠠᠯᠢᠭ ᠤᠨ ᠳᠠᠪᠠᠭᠤᠯᠢᠭ ᠢ ᠦᠨᠡᠨ ᠬᠦ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠶ᠃ | ᠤᠯᠠᠭᠠᠨ ᠱᠤᠭᠤᠮ ᠬᠤᠷᠢᠭ᠎ᠠ ᠱᠤᠭᠤᠮ ᠢ ᠪᠠᠲᠤ ᠰᠠᠬᠢᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠦᠬᠦ ᠶᠠᠪᠤᠴᠠ ᠶᠢᠨ ᠡᠯ᠎ᠡ ᠲᠠᠯ᠎ᠠ ᠳᠤ | ᠲᠤᠤᠱᠯᠠᠭᠤᠯᠵᠤ᠂ ᠪᠦᠳᠦᠭᠦᠯᠢᠭ᠂ ᠴᠦᠯᠮᠦᠨ ᠮᠠᠶ᠋ᠢᠭ ᠤᠨ ᠨᠡᠭᠡᠭᠡᠨ ᠮᠠᠯᠲᠠᠬᠤ ᠶᠢ ᠡᠷᠡᠰ ᠬᠤᠷᠢᠭᠯᠠᠵᠤ᠂ ᠪᠣᠬᠢᠷᠳᠤᠯ | ᠦᠭᠡᠢ ᠠᠭᠤᠷᠬᠠᠢ ᠶᠢᠨ ᠪᠠᠷᠢᠮᠵᠢᠶ᠎ᠠ ᠶᠣᠰᠣᠭᠠᠷ ᠠᠭᠤᠷᠬᠠᠢ ᠶᠢ ᠪᠦᠲᠦᠭᠡᠨ ᠪᠠᠶᠢᠭᠤᠯᠵᠤ᠂ ᠬᠠᠮᠠᠭᠠᠯᠠᠬᠤ ᠳᠤᠮᠳᠠ | ᠨᠡᠭᠡᠭᠡᠨ ᠬᠥᠭᠵᠢᠭᠦᠯᠵᠦ᠂ ᠨᠡᠭᠡᠭᠡᠨ ᠠᠰᠢᠭᠯᠠᠬᠤ ᠳᠤᠮᠳᠠ ᠬᠠᠮᠠᠭᠠᠯᠠᠬᠤ ᠬᠡᠷᠡᠭᠲᠡᠢ ᠭᠡᠪᠡ᠃ | ᠮᠧᠩ ᠰᠢᠶᠠᠨ ᠳ᠋ᠦᠩ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠡᠨᠡ ᠵᠢᠯ ᠵᠥᠪᠬᠡᠨ ᠨᠢᠭᠡ ᠰᠠᠷ᠎ᠠ ᠭᠠᠷᠤᠶ ᠶᠢᠨ | ᠴᠠᠭ ᠪᠠᠶᠢᠨ᠎ᠠ᠂ ᠡᠯ᠎ᠡ ᠵᠦᠢᠯ ᠤᠨ ᠠᠵᠢᠯ ᠤᠨ ᠰᠢᠪᠳᠣᠯᠣᠯᠲᠠ ᠶᠢ ᠦᠨᠡᠨ ᠬᠦ ᠨᠢᠭᠡᠳᠦᠯᠲᠡᠶ ᠲᠥᠯᠥᠪᠯᠡᠨ ᠰᠠᠶᠢᠲᠤᠷ | ᠠᠳᠬᠤᠵᠤ᠂ ᠠᠬᠢᠴᠠ ᠶᠢ ᠨᠢ ᠲᠦᠷᠭᠡᠳᠭᠡᠵᠦ ᠨᠠᠩ ᠶᠡᠭᠡ ᠦᠷ᠎ᠡ ᠪᠦᠲᠦᠭᠡᠯ ᠣᠯᠬᠤ ᠪᠠᠷ ᠲᠡᠮᠡᠴᠡᠵᠦ᠂ ᠵᠥᠷᠢᠶ᠎ᠡ | ᠳᠤᠲᠠᠭᠳᠠᠯ ᠢᠶᠠᠨ ᠪᠠᠶᠢᠴᠠᠭᠠᠨ ᠨᠥᠬᠦᠪᠥᠷᠢᠯᠡᠬᠦ ᠠᠵᠢᠯ ᠢ ᠱᠠᠯᠠᠪᠳᠠᠨ ᠬᠢᠵᠦ᠂ ᠨᠡᠬᠡᠬᠡᠵᠦ ᠭᠦᠢᠴᠡᠬᠦ ᠶᠢ ᠦᠨᠡᠨ ᠬᠦ | ᠪᠠᠲᠤᠯᠠᠵᠤ᠂ ᠪᠥᠬᠦ ᠵᠢᠯ ᠤᠨ ᠬᠠᠷᠠᠯᠲᠠ ᠡᠭᠦᠷᠭᠡ ᠪᠠᠨ ᠵᠠᠪᠠᠯ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠢᠷᠡᠬᠦ ᠵᠢᠯ ᠤᠨ | ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠤᠷᠢᠳᠴᠢᠯᠠᠨ ᠲᠤᠬᠢᠷᠠᠭᠤᠯᠵᠤ᠂ ᠢᠷᠡᠬᠦ ᠵᠢᠯ ᠤᠨ ᠰᠠᠶᠢᠨ | ᠡᠬᠢᠯᠡᠯᠲᠡ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃ |