ᠢᠦᠶ ᠯᠢᠩ ᠬᠤᠤ ᠷᠠᠳᠢᠣ᠋ ᠲᠧᠯᠸᠢᠰ ᠤᠨ ᠨᠡᠪᠲᠡᠷᠡᠭᠦᠯᠭᠡ ᠶᠢᠨ ᠠᠮᠤᠷ ᠲᠦᠪᠰᠢᠨ ᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2024/11/28
    11 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠢᠦᠶ ᠯᠢᠩ ᠬᠤᠤ ᠷᠠᠳᠢᠣ᠋ ᠲᠧᠯᠸᠢᠰ ᠤᠨ ᠨᠡᠪᠲᠡᠷᠡᠭᠦᠯᠭᠡ ᠶᠢᠨ ᠠᠮᠤᠷ ᠲᠦᠪᠰᠢᠨ ᠵᠢᠴᠢ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠪᠠᠶᠢᠭᠤᠯᠤᠯᠲᠠ ᠶᠢᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃
1.jpg
    ᠢᠦᠶ ᠯᠢᠩ ᠬᠤᠤ ᠤᠷᠢᠳ ᠬᠤᠵᠢᠳ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ᠨᠡᠪᠳᠡᠷᠡᠬᠦᠯᠭᠡ ᠶᠢᠨ ᠲᠠᠰᠤᠭ᠂ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠨᠡᠪᠲᠡᠷᠡᠭᠦᠯᠬᠦ ᠮᠠᠰᠢᠨ ᠤ ᠲᠠᠰᠤᠭ᠂  ᠫᠤᠤ ᠲᠠᠢ ᠱᠠᠨ ᠠᠭᠤᠯᠠ ᠶᠢᠨ ᠰᠠᠴᠤᠷᠠᠭᠤᠯᠭ᠎ᠠ ᠶᠢᠨ ᠲᠠᠰᠤᠭ᠂ ᠥᠪᠥᠷ ᠮᠣᠩᠭᠤᠯ ᠤᠨ ᠷᠠᠳᠢᠣ᠋ ᠲᠧᠯᠸᠢᠰ ᠤᠨ ᠰᠦᠯᠵᠢᠶᠡᠨ ᠤ ᠺᠣᠮᠫᠠᠨᠢ ᠶᠢᠨ ᠵᠠᠷᠤᠳ ᠬᠤᠰᠢᠭᠤᠨ ᠳᠠᠬᠢ ᠬᠤᠪᠢᠶᠠᠷᠢ ᠺᠣᠮᠫᠠᠨᠢ ᠵᠡᠷᠭᠡ ᠭᠠᠵᠠᠷ ᠲᠤ ᠬᠦᠷᠴᠦ᠂ ᠠᠬᠤᠢ ᠶᠢᠨ ᠭᠠᠵᠠᠷ ᠲᠤᠨᠢ ᠰᠤᠷᠪᠤᠯᠵᠢᠯᠠᠬᠤ ᠪᠠ ᠰᠠᠭᠤᠳᠠᠯ ᠤᠨ ᠬᠤᠷᠠᠯ ᠬᠢᠬᠦ ᠠᠷᠭ᠎ᠠ ᠬᠡᠯᠪᠡᠷᠢ ᠪᠠᠷ ᠳᠠᠮᠵᠢᠨ᠂ ᠨᠡᠪᠲᠡᠷᠡᠭᠦᠯᠭᠡ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠠᠮᠤᠷ ᠲᠦᠪᠰᠢᠨ ᠤ ᠲᠣᠭᠲᠠᠴᠠ ᠶᠢᠨ ᠪᠠᠶᠢᠭᠤᠯᠤᠯᠲᠠ᠂ ᠴᠠᠬᠢᠯᠭᠠᠨ ᠲᠦᠭᠡᠭᠡᠬᠦ ᠲᠣᠬᠢᠷᠠᠭᠤᠯᠤᠯᠲᠠ ᠶᠢ ᠳᠣᠭᠢᠷᠠᠭᠤᠯᠬᠤ᠂ ᠵᠢᠵᠢᠭᠦᠷᠯᠡᠨ ᠰᠠᠬᠢᠬᠤ᠂ ᠲᠥᠬᠦᠭᠡᠷᠦᠮᠵᠢ ᠶᠢᠨ ᠠᠵᠢᠯᠯᠠᠭᠠᠨ ᠂ ᠬᠠᠮᠠᠭᠠᠯᠠᠨ ᠬᠠᠮᠢᠶᠠᠷᠬᠤ᠂ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠨᠡᠪᠲᠡᠷᠡᠭᠦᠯᠭᠡ ᠶᠢᠨ ᠠᠮᠤᠷ ᠲᠦᠪᠰᠢᠨ ᠤ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠪᠠ᠃
2.jpg
    ᠢᠦᠶ ᠯᠢᠩ ᠬᠤᠤ ᠬᠡᠯᠡᠬᠦ ᠳᠡᠭᠡᠨ᠂ ᠨᠡᠪᠲᠡᠷᠡᠭᠦᠯᠭᠡ ᠶᠢᠨ ᠠᠮᠤᠷ ᠲᠦᠪᠰᠢᠨ ᠪᠣᠯ ᠷᠠᠳᠢᠣ᠋ ᠲᠧᠯᠸᠢᠰ ᠤᠨ ᠠᠮᠢᠨ ᠰᠤᠳᠠᠰᠤ ᠮᠥᠨ᠂ ᠨᠡᠶᠢᠭᠡᠮ ᠤᠨ ᠲᠣᠭᠲᠠᠭᠤᠨ ᠪᠠᠶᠢᠳᠠᠯ ᠪᠠ ᠠᠷᠠᠳ ᠣᠯᠠᠨ ᠤ ᠡᠳᠦᠷ ᠲᠤᠲᠤᠮ ᠤᠨ ᠠᠮᠢᠳᠤᠷᠠᠯ ᠳᠤ ᠬᠤᠯᠪᠣᠭᠳᠠᠵᠤ ᠪᠠᠶᠢᠳᠠᠭ᠃ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠮᠤᠷ ᠲᠦᠪᠰᠢᠨ ᠢᠶᠠᠷ ᠨᠡᠪᠲᠡᠷᠡᠭᠦᠯᠬᠦ ᠬᠥᠪᠴᠢ ᠪᠠᠨ ᠴᠢᠩᠭᠠᠯᠠᠵᠤ᠂ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠳᠤᠲᠠᠭᠳᠠᠯ ᠢᠶᠠᠨ ᠪᠠᠶᠢᠴᠠᠭᠠᠵᠤ ᠨᠥᠬᠦᠪᠥᠷᠢᠯᠡᠵᠦ᠂ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠳᠦᠷᠢᠮ ᠲᠣᠭᠲᠠᠭᠠᠯ ᠢ ᠲᠡᠭᠦᠯᠳᠡᠷᠵᠢᠭᠦᠯᠵᠦ᠂ ᠨᠡᠪᠲᠡᠷᠡᠭᠦᠯᠭᠡ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠤᠨ ᠰᠢᠰᠲ᠋ᠧᠮᠵᠢᠯᠲᠡ᠂ ᠨᠠᠷᠢᠯᠢᠭᠵᠢᠯᠲᠠ᠂ ᠪᠠᠶᠢᠩᠭᠤᠵᠢᠯᠲᠠ ᠶᠢ ᠠᠬᠢᠭᠤᠯᠬᠤ ᠬᠡᠷᠡᠭᠲᠡᠢ︔ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠨᠡᠪᠲᠡᠷᠡᠭᠦᠯᠭᠡ ᠶᠢᠨ ᠠᠮᠤᠷ ᠲᠦᠪᠰᠢᠨ᠂ ᠰᠦᠯᠵᠢᠶᠡᠨ ᠤ ᠠᠮᠤᠷ ᠲᠦᠪᠰᠢᠨ᠂ ᠲᠤᠭ᠎ᠠ ᠪᠠᠷᠢᠮᠲᠠ ᠶᠢᠨ ᠠᠮᠤᠷ ᠲᠦᠪᠰᠢᠨ᠂ ᠲᠥᠬᠦᠭᠡᠷᠦᠮᠵᠢ ᠶᠢ ᠬᠠᠮᠠᠭᠠᠯᠠᠬᠤ ᠲᠦᠭᠰᠢᠭᠦᠷᠢ ᠶᠢ ᠰᠡᠷᠭᠡᠶᠢᠯᠡᠨ  ᠠᠷᠭᠠᠴᠠᠭᠠᠬᠤ ᠠᠷᠭ᠎ᠠ ᠬᠡᠮᠵᠢᠶ᠎ᠡ ᠵᠡᠷᠭᠡ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠢᠩᠭᠠᠳᠬᠠᠵᠤ᠂ ᠨᠡᠪᠲᠡᠷᠡᠭᠦᠯᠭᠡ ᠵᠢᠨ‌ᠠᠮᠤᠷ ᠲᠦᠪᠰᠢᠨ ᠤ  ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ︔ ᠨᠡᠪᠲᠡᠷᠡᠭᠦᠯᠭᠡ ᠶᠢᠨ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠥᠪᠡᠰᠦᠪᠡᠨ ᠪᠠᠶᠢᠴᠠᠭᠠᠵᠤ᠂ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠨᠡᠪᠲᠡᠷᠡᠭᠦᠯᠭᠡ ᠶᠢᠨ ᠠᠵᠢᠯ ᠳᠤ ᠥᠴᠦᠬᠡᠨ ᠴᠦ ᠠᠯᠳᠠᠰᠢ ᠭᠠᠷᠭᠠᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号