| 11 ᠰᠠᠷ᠎ᠠ ᠶᠢᠨ 27 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠤᠤ ᠶᠠᠨ ᠵᠢᠶᠦ᠋ᠨ | ᠪᠦᠬᠦ ᠬᠤᠰᠢᠭᠤᠨ ᠤ ᠬᠦᠳᠡᠭᠡ ᠲᠣᠰᠬᠤᠨ ᠮᠠᠯᠵᠢᠬᠤ ᠣᠷᠣᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ | ᠬᠢᠪᠡ᠃ ᠬᠤᠰᠢᠭᠤᠨ ᠤ ᠤᠳᠤᠷᠢᠳᠤᠯᠭ᠎ᠠ ᠶᠠᠩ ᠽᠢ ᠴᠢᠶᠠᠩ᠂ ᠮᠦ ᠲᠢᠶᠧ ᠮᠢᠨ᠂ ᠰᠦᠸᠧ ᠮᠢᠩ ᠢᠦᠶ᠂ ᠭᠦᠸᠧ | ᠶᠠ ᠹᠧᠩ᠂ ᠵᠠᠩ ᠴᠦᠨ ᠾᠦᠢ᠂ ᠼᠦᠢ ᠯᠸᠢ ᠯᠸᠢ᠂ ᠸᠠᠩ ᠴᠧᠩ ᠵᠢᠴᠢ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ | ᠮᠥᠴᠢᠷ᠂ ᠡᠯ᠎ᠡ ᠰᠤᠮᠤ ᠪᠠᠯᠭᠠᠰᠤ ᠲᠠᠯᠠᠪᠠᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠱᠤᠤ ᠶᠠᠨ ᠵᠢᠶᠦ᠋ᠨ ᠢᠯᠡᠷᠬᠡᠶᠢᠯᠡᠬᠦ ᠳᠡᠭᠡᠨ᠂ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ | ᠱᠦᠵᠢ ᠰᠢ ᠶᠢᠨ ᠫᠢᠩ ᠤᠨ ︽ᠭᠤᠷᠪᠠᠨ ᠲᠠᠷᠢᠶᠠᠯᠠᠯ︾ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ | ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶᠠᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠭᠤᠶᠢᠪᠢᠰᠢ | ᠦᠭᠡᠢ ᠠᠬᠢᠭᠤᠯᠵᠤ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ | ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ | ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠥᠭᠡᠯᠡᠨ᠂ ᠦᠵᠡᠯᠲᠡ ᠪᠠᠨ ᠬᠤᠪᠢᠷᠠᠭᠤᠯᠵᠤ᠂ ᠤᠯᠤᠰ ᠪᠠ | ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢᠨ ᠲᠣᠭᠤᠷᠢᠨ ᠳᠤ᠂ ᠤᠯᠤᠰ ᠤᠨ | ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ᠂ ᠪᠠᠯᠠ ᠮᠥᠩᠭᠦ ᠶᠢᠨ ᠣᠷᠣᠭᠤᠯᠤᠯᠲᠠ ᠶᠢᠨ ᠬᠠᠨᠳᠤᠰᠢ ᠳᠤ | ᠠᠩᠬᠠᠷᠤᠯ ᠢᠶᠠᠨ ᠲᠥᠪᠯᠡᠷᠡᠭᠦᠯᠵᠦ᠂ ᠲᠣᠰ ᠪᠡᠶ᠎ᠡ ᠶᠢᠨ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ | ᠰᠠᠭᠤᠷᠢ᠂ ᠣᠷᠣᠨ ᠪᠠᠶᠢᠷᠢ ᠵᠠᠮ ᠬᠠᠷᠢᠯᠴᠠᠭ᠎ᠠ ᠵᠡᠷᠭᠡ ᠳᠠᠪᠠᠭᠤᠯᠢᠭ ᠲᠠᠢ ᠪᠠᠨ ᠤᠶᠠᠯᠳᠤᠭᠤᠯᠤᠨ᠂ ᠲᠥᠷᠥᠯ ᠵᠦᠢᠯ ᠢ | ᠬᠠᠨᠳᠤᠯᠭᠠᠲᠤ ᠴᠢᠨᠠᠷᠲᠠᠶ ᠪᠠᠷ ᠲᠥᠯᠥᠪᠵᠢᠭᠦᠯᠵᠦ᠂ ᠪᠠᠯᠠ ᠮᠥᠩᠭᠦ ᠣᠯᠬᠤ ᠪᠠᠷ ᠲᠡᠮᠡᠴᠡᠵᠦ᠂ ᠣᠳᠣᠬᠠᠨ ᠳᠤ | ᠲᠣᠰᠠᠲᠠᠢ᠂ ᠠᠯᠤᠰ ᠬᠡᠲᠦ ᠳᠤ ᠠᠰᠢᠭᠲᠠᠢ ᠨᠢᠭᠡ ᠪᠦᠯᠦᠭ ᠴᠢᠨᠠᠷ ᠰᠠᠶᠢᠲᠠᠶ ᠲᠥᠷᠥᠯ ᠵᠦᠢᠯ ᠢ ᠨᠥᠭᠡᠴᠡᠯᠡᠵᠦ᠂ | ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠠᠯᠠ ᠮᠦᠩᠬᠦ ᠶᠢᠨ ᠨᠡᠮᠡᠭᠳᠡᠯ ᠢ ᠲᠣᠭᠲᠠᠪᠤᠷᠢᠵᠢᠭᠤᠯᠬᠤ᠂ | ᠪᠠᠯᠠ ᠣᠷᠣᠭᠤᠯᠤᠯᠲᠠ ᠶᠢ ᠥᠷᠭᠡᠳᠬᠡᠬᠦ ᠶᠢ ᠳᠠᠶᠢᠴᠢᠯᠠᠬᠤ ᠦᠢᠯᠡᠳᠦᠯ ᠢ ᠦᠨᠡᠨ ᠬᠦ ᠪᠠᠳᠠᠷᠠᠭᠤᠯᠬᠤ ᠬᠡᠷᠡᠭᠲᠡᠶ᠃ | ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠪᠦᠬᠦ ᠬᠦᠴᠦᠨ ᠢᠶᠠᠷ | ᠠᠬᠢᠭᠤᠯᠵᠤ᠂ ᠭᠠᠵᠠᠷ ᠬᠡᠷᠡᠭᠯᠡᠬᠦ᠂ ᠠᠵᠢᠯᠴᠢᠨ ᠬᠡᠷᠡᠭᠯᠡᠬᠦ᠂ ᠡᠨᠧᠷᠭᠢ᠂ ᠪᠡᠯᠡ ᠮᠥᠩᠭᠦ᠂ ᠣᠷᠴᠢᠨ ᠲᠣᠭᠤᠷᠢᠨ ᠤ | ᠨᠥᠯᠥᠭᠡᠯᠡᠯ ᠤᠨ ᠦᠨᠡᠯᠡᠯᠲᠡ ᠵᠡᠷᠭᠡ ᠭᠤᠭᠴᠤᠭ᠎ᠠ ᠶᠢᠨ ᠡᠯᠧᠮᠧᠨ᠋ᠲ ᠤᠨ ᠪᠠᠲᠤᠯᠠᠭ᠎ᠠ ᠶᠢ ᠬᠦᠴᠦᠯᠡᠨ ᠴᠢᠩᠭᠠᠳᠬᠠᠵᠤ᠂ | ᠲᠦᠷᠦᠯ ᠵᠦᠢᠯ ᠢ ᠠᠬᠢᠭᠤᠯᠬᠤ ᠶᠢᠨ ᠲᠦᠭᠵᠢᠷᠡᠯ ᠢ ᠬᠦᠴᠦᠯᠡᠨ ᠰᠢᠢᠳᠪᠦᠷᠢᠯᠡᠵᠦ᠂ ᠲᠦᠷᠦᠯ ᠵᠦᠢᠯ ᠢ ᠲᠦᠷᠭᠡᠨ | ᠨᠠᠶᠢᠳᠠᠪᠤᠷᠢᠵᠢᠭᠤᠯᠬᠤ᠂ ᠲᠦᠷᠭᠡᠨ ᠠᠵᠢᠯ ᠡᠬᠢᠯᠡᠭᠦᠯᠬᠦ᠂ ᠲᠦᠷᠭᠡᠨ ᠪᠦᠳᠦᠭᠡᠨ ᠪᠠᠶᠢᠭᠤᠯᠬᠤ ᠶᠢ ᠠᠬᠢᠭᠤᠯᠬᠤ ᠬᠡᠷᠡᠭᠲᠡᠢ | ᠭᠡᠪᠡ᠃ | ᠱᠤᠤ ᠶᠠᠨ ᠵᠢᠶᠦ᠋ᠨ ᠢᠯᠡᠷᠬᠡᠶᠢᠯᠡᠬᠦ ᠳᠡᠭᠡᠨ᠂ ᠵᠠᠰᠠᠭ ᠤᠨ ᠣᠷᠳᠣᠨ ᠲᠦᠷᠦᠭᠦᠯᠡᠨ ᠶᠡᠷᠦᠩᠬᠡᠶᠢᠯᠡᠨ ᠠᠳᠬᠤᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠤᠯᠪᠣᠭᠠᠯᠠᠨ | ᠬᠠᠮᠲᠤᠷᠠᠯᠴᠠᠬᠤ ᠶᠢ ᠥᠷᠨᠢᠭᠦᠯᠵᠦ᠂ ᠡᠯ᠎ᠡ ᠰᠤᠮᠤ ᠪᠠᠯᠭᠠᠰᠤ᠂ ᠭᠠᠴᠠᠭ᠎ᠠ ᠲᠣᠰᠬᠤᠨ᠂ ᠬᠤᠷᠰᠢᠶ᠎ᠠ᠂ ᠨᠡᠶᠢᠭᠡᠮ ᠤᠨ | ᠬᠦᠷᠦᠩᠭᠡ ᠶᠢᠨ ᠳᠠᠪᠠᠭᠤᠯᠢᠭ ᠢᠶᠠᠨ ᠬᠠᠷᠢᠯᠴᠠᠨ ᠪᠠᠳᠠᠷᠠᠭᠤᠯᠵᠤ᠂ ᠪᠦᠯᠬᠦᠮᠳᠡᠨ ᠬᠥᠭᠵᠢᠬᠦ ᠶᠢ ᠠᠬᠢᠭᠤᠯᠵᠤ᠂ | ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠰᠠᠶᠢᠲᠤᠷ ᠪᠠᠶᠢᠭᠤᠯᠤᠨ ᠬᠦᠴᠦᠷᠬᠡᠭᠵᠢᠭᠦᠯᠵᠦ᠂ | ᠨᠠᠮ ᠤᠨ ᠤᠳᠤᠷᠢᠳᠤᠯᠭ᠎ᠠ ᠶᠢ ᠦᠨᠳᠦᠰᠦᠨ ᠱᠠᠲᠤᠨ ᠤ ᠵᠠᠰᠠᠯᠲᠠ ᠶᠢᠨ ᠪᠥᠬᠦ ᠶᠠᠪᠤᠴᠠ ᠶᠢᠨ ᠡᠯ᠎ᠡ ᠲᠠᠯ᠎ᠠ ᠳᠤ | ᠲᠤᠤᠱᠯᠠᠭᠤᠯᠬᠤ ᠶᠢ ᠪᠠᠷᠢᠮᠲᠠᠯᠠᠨ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠬᠤ ᠬᠡᠷᠡᠭᠲᠡᠶ ᠭᠡᠪᠡ᠃ | ᠬᠤᠷᠠᠯ ᠳᠡᠭᠡᠷ᠎ᠡ᠂ ᠡᠯ᠎ᠡ ᠰᠤᠮᠤ ᠪᠠᠯᠭᠠᠰᠤ ᠲᠠᠯᠠᠪᠠᠶ ᠶᠢᠨ 2024 ᠣᠨ ᠤ ᠠᠵᠢᠯ ᠢ ᠪᠡᠶᠡᠯᠡᠭᠦᠯᠦᠭᠰᠡᠨ ᠪᠠᠶᠢᠳᠠᠯ | ᠵᠢᠴᠢ 2025 ᠣᠨ ᠤ ᠬᠦᠳᠡᠭᠡ ᠲᠣᠰᠬᠤᠨ ᠮᠠᠯᠵᠢᠬᠤ ᠣᠷᠣᠨ ᠤ ᠭᠤᠤᠯᠳᠠᠯᠭ᠎ᠠ ᠲᠠᠢ ᠠᠵᠢᠯ ᠤᠨ | ᠲᠥᠯᠥᠪᠵᠢᠭᠦᠯᠭᠡ ᠶᠢᠨ ᠪᠠᠶᠢᠳᠠᠯ ᠢ ᠰᠣᠨᠣᠰᠴᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ | ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ ᠬᠢᠨ ᠨᠥᠬᠦᠪᠥᠷᠢ ᠶᠠᠷᠢᠶ᠎ᠠ | ᠲᠠᠯᠪᠢᠪᠠ᠃ |