| 11 ᠰᠠᠷ᠎ᠠ ᠶᠢᠨ 1 ᠤ ᠡᠳᠦᠷ᠂ ᠳᠡᠳ᠋ ᠬᠤᠰᠢᠭᠤᠨ ᠳᠠᠷᠤᠭ᠎ᠠ ᠼᠦᠢ ᠯᠸᠢ ᠯᠸᠢ ᠬᠠᠮᠲᠤ ᠶᠠᠪᠣᠭᠰᠠᠳ ᠲᠠᠢ ᠪᠠᠨ | ᠭᠡᠷᠴᠢᠯᠠᠭᠤ ᠰᠤᠮᠤ ᠳᠤ ᠭᠦᠨᠵᠡᠭᠡᠶᠢᠷᠡᠨ ᠪᠠᠶᠢᠴᠠᠭᠠᠨ ᠰᠤᠳᠣᠯᠵᠤ ᠵᠢᠭᠠᠨ ᠵᠢᠯᠣᠭᠤᠳᠪᠠ᠃ ᠰᠤᠮᠤᠨ ᠤ ᠭᠤᠤᠯ | ᠤᠳᠤᠷᠢᠳᠤᠯᠭ᠎ᠠ ᠪᠠᠷ᠎ᠠ ᠪᠣᠯᠪᠠ᠃ | ᠼᠦᠢ ᠯᠸᠢ ᠯᠸᠢ ᠤᠷᠢᠳ ᠬᠤᠵᠢᠳ S210 ᠱᠤᠭᠤᠮ ᠤᠨ ᠭᠡᠷᠴᠢᠯᠠᠭᠤ ᠶᠢᠨ ᠬᠡᠰᠡᠭ ᠤᠨ ᠪᠠᠷᠢᠯᠭ᠎ᠠ ᠶᠢᠨ | ᠠᠬᠤᠢ ᠲᠠᠯᠠᠪᠠᠢ᠂ ᠬᠠᠷᠠᠵᠠ ᠭᠠᠴᠠᠭ᠎ᠠ ᠶᠢᠨ ᠰᠢᠷᠠᠬᠤᠸᠠ ᠲᠡᠵᠢᠭᠡᠪᠦᠷᠢ ᠶᠢᠨ ᠬᠤᠷᠰᠢᠶ᠎ᠠ᠂ ᠴᠠᠭᠠᠡᠣᠪᠣᠭᠠ ᠭᠠᠴᠠᠭᠠᠨ ᠤ | ᠡᠮᠦᠨ᠎ᠡ ᠲᠠᠯ᠎ᠠ ᠶᠢᠨ ᠡᠯᠡᠰᠦᠷᠬᠡᠭᠵᠢᠭᠰᠡᠨ ᠭᠠᠵᠠᠷ᠂ ᠭᠡᠷᠴᠢᠯᠠᠭᠤ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ | ᠦᠨᠳᠦᠰᠦᠲᠡᠨ ᠤ ᠪᠦᠯᠬᠦᠮᠳᠡᠯ ᠤᠨ ᠠᠭᠤᠳᠠᠮ ᠲᠠᠯᠠᠪᠠᠢ ᠵᠡᠷᠭᠡ ᠭᠠᠵᠠᠷ ᠲᠤ ᠪᠠᠶᠢᠴᠠᠭᠠᠨ ᠰᠤᠳᠣᠯᠵᠤ᠂ ᠭᠡᠷᠴᠢᠯᠠᠭᠤ | ᠰᠤᠮᠤ ᠶᠢᠨ ᠣᠳᠣᠬᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠵᠢᠴᠢ ᠠᠬᠢᠭᠤᠯᠬᠤ ᠶᠠᠪᠤᠴᠠ ᠳᠤ | ᠣᠷᠣᠰᠢᠵᠤ ᠪᠠᠶᠢᠭ᠎ᠠ ᠠᠰᠠᠭᠤᠳᠠᠯ ᠢ ᠠᠬᠤᠢ ᠭᠠᠵᠠᠷ ᠲᠤᠨᠢ ᠤᠢᠢᠯᠠᠭᠠᠭᠰᠠᠨ ᠪᠥᠭᠡᠳ ᠠᠷᠭᠠᠴᠠᠭᠠᠬᠤ ᠠᠷᠭ᠎ᠠ ᠬᠡᠮᠵᠢᠶ᠎ᠡ | ᠰᠤᠳᠣᠯᠪᠠ᠃ | ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠼᠦᠢ ᠯᠸᠢ ᠯᠸᠢ ᠭᠡᠷᠴᠢᠯᠠᠭᠤ ᠰᠤᠮᠤ ᠶᠢᠨ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ᠂ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ᠂ | ᠠᠷᠠᠳ ᠤᠨ ᠠᠮᠢᠳᠤᠷᠠᠯ ᠤᠨ ᠢᠨᠵᠧᠨᠧᠷᠢᠩ ᠢ ᠠᠬᠢᠭᠤᠯᠤᠭᠰᠠᠨ ᠵᠡᠷᠭᠡ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ | ᠵᠢᠴᠢ ᠬᠤᠶᠢᠰᠢᠳᠠ ᠶᠢᠨ ᠠᠵᠢᠯ ᠤᠨ ᠰᠡᠳᠬᠢᠮᠵᠢ ᠶᠢ ᠨᠠᠷᠢᠨ ᠬᠢᠨᠠᠮᠠᠭᠠᠶ ᠰᠣᠨᠣᠰᠤᠭᠰᠠᠨ ᠪᠥᠭᠡᠳ ᠪᠣᠳᠠᠲᠠᠶ | ᠱᠠᠭᠠᠷᠳᠠᠯᠭ᠎ᠠ ᠳᠤᠷᠠᠳᠪᠠ᠃ ᠲᠡᠷᠡ ᠴᠢᠬᠤᠯᠠᠴᠢᠯᠠᠭᠰᠠᠨ ᠨᠢ᠂ ᠵᠠᠮ ᠬᠠᠷᠢᠯᠴᠠᠭ᠎ᠠ᠂ ᠡᠯᠡᠰᠦᠷᠬᠡᠭᠵᠢᠬᠦ ᠶᠢ ᠰᠡᠷᠭᠡᠶᠢᠯᠡᠵᠦ | ᠡᠯᠡᠰᠦ ᠶᠢ ᠵᠠᠰᠠᠬᠤ᠂ ᠠᠵᠤ ᠦᠢᠯᠡᠰ ᠤᠨ ᠬᠥᠭᠵᠢᠯᠲᠡ ᠵᠡᠷᠭᠡ ᠠᠵᠢᠯ ᠢ ᠰᠠᠶᠢᠲᠤᠷ ᠬᠢᠬᠦ ᠪᠣᠯ ᠪᠦᠬᠦ ᠰᠤᠮᠤ ᠲᠠᠢ | ᠬᠤᠯᠪᠣᠭᠳᠠᠬᠤ ᠤᠯᠤᠰ ᠲᠦᠷᠦ ᠶᠢᠨ ᠡᠭᠦᠷᠭᠡ ᠪᠣᠯᠤᠨ᠎ᠠ᠂ ᠳᠡᠭᠡᠳᠦ ᠱᠠᠲᠤᠨ ᠤ ᠬᠠᠷᠠᠯᠲᠠ ᠱᠠᠭᠠᠷᠳᠠᠯᠭ᠎ᠠ ᠲᠠᠢ ᠨᠢᠭᠲᠠ | ᠤᠶᠠᠯᠳᠤᠭᠤᠯᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ | ᠪᠠᠲᠤᠯᠠᠬᠤ ᠬᠡᠷᠡᠭᠲᠡᠢ᠃ ᠨᠢᠭᠡ ᠳᠤ ᠰᠢᠰᠲ᠋ᠧᠮᠲᠦ ᠰᠡᠳᠬᠢᠬᠦᠢ ᠶᠢ ᠪᠠᠷᠢᠮᠲᠠᠯᠠᠵᠤ᠂ ᠲᠦᠷᠦ ᠶᠢᠨ ᠪᠤᠳᠤᠯᠭ᠎ᠠ ᠶᠢ ᠨᠠᠷᠢᠨ | ᠬᠢᠨᠠᠮᠠᠭᠠᠢ ᠰᠤᠳᠤᠯᠵᠤ᠂ ᠲᠦᠷᠦ ᠶᠢᠨ ᠪᠤᠳᠤᠯᠭ᠎ᠠ ᠶᠢ ᠡᠵᠡᠮᠰᠢᠵᠦ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ | ᠂ ᠲᠦᠷᠦ ᠶᠢᠨ ᠪᠤᠳᠤᠯᠭ᠎ᠠ ᠶᠢ ᠤᠬᠠᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ | ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠲᠦᠷᠦᠯ ᠵᠦᠢᠯ ᠢ ᠠᠬᠢᠭᠤᠯᠬᠤ ᠶᠠᠪᠤᠴᠠ ᠳᠠᠬᠢ ᠠᠰᠠᠭᠤᠳᠠᠯ | ᠪᠣᠯᠤᠨ ᠬᠦᠴᠢᠷᠳᠡᠯ ᠢ ᠴᠠᠭ ᠲᠤᠬᠠᠢ ᠳᠤᠨᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠬᠤᠶᠠᠷ ᠲᠤ᠂ ︽ᠬᠠᠮᠲᠤᠪᠠᠷ | ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ︾ ᠣᠶᠢᠯᠠᠭᠠᠭᠳᠠᠬᠤᠨ ᠢ ᠦᠷᠭᠦᠯᠵᠢᠯᠡᠨ ᠭᠦᠨᠵᠡᠭᠡᠶᠢᠷᠡᠭᠦᠯᠵᠦ᠂ | ᠤᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠪᠡᠷᠬᠡᠳᠡᠵᠦ ᠬᠦᠰᠡᠵᠦ︾ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠢᠳᠡᠪᠬᠢᠲᠡᠢ ᠴᠤᠤᠷᠢᠶᠠᠲᠤᠨ ᠲᠠᠭᠠᠵᠤ᠂ ᠠᠷᠠᠳ ᠤᠨ | ᠠᠮᠢᠳᠤᠷᠠᠯ ᠤᠨ ᠢᠨᠵᠧᠨᠧᠷᠢᠩ ᠢ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠲᠠᠢ ᠨᠢᠭᠲᠠ ᠤᠶᠠᠯᠳᠤᠭᠤᠯᠵᠤ᠂ | ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠰᠡᠳᠭᠢᠯᠭᠡ ᠶᠢ ᠦᠨᠡᠨᠬᠦ ᠳᠡᠭᠡᠭᠰᠢᠯᠡᠭᠦᠯᠬᠦ | ᠬᠡᠷᠡᠭᠲᠡᠢ᠃ ᠭᠤᠷᠪᠠ ᠳᠤ᠂ ᠬᠠᠷᠢᠶ᠎ᠠ ᠣᠷᠣᠨ ᠤ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠣᠲᠣ ᠶᠢᠨ | ᠪᠠᠶᠢᠭ᠎ᠠ ᠠᠵᠤ ᠦᠢᠯᠡᠰ ᠢᠶᠠᠷ ᠰᠠᠭᠤᠷᠢ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠠᠬᠢᠭᠤᠯᠵᠤ᠂ | ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠬᠥᠭᠵᠢᠯᠲᠡ ᠶᠢ ᠰᠠᠶᠢᠲᠤᠷ ᠠᠳᠬᠤᠵᠤ᠂ ᠭᠠᠴᠠᠭᠠᠨ ᠤ | ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠤᠨ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ | ᠡᠷᠭᠢᠯᠡᠬᠦ ᠳᠤ ᠲᠣᠬᠢᠷᠠᠮᠵᠢᠲᠠᠶ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ | ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ ᠭᠡᠪᠡ᠃ | |