ᠶᠣᠣ ᠼᠠᠢ ᠶᠠᠨ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/11/4
    11 ᠰᠠᠷ᠎ᠠ ᠶᠢᠨ 1 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠶᠣᠣ ᠼᠠᠢ ᠶᠠᠨ ᠤᠷᠢᠳ ᠬᠤᠵᠢᠳ ᠬᠤᠰᠢᠭᠤᠨ ᠤ ᠲᠠᠪᠤᠳᠤᠭᠠᠷ ᠳᠤᠮᠳᠠᠳᠤ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ᠂ ᠲᠤᠷᠰᠢᠯᠲᠠ ᠶᠢᠨ ᠪᠠᠭ᠎ᠠ ᠰᠤᠷᠭᠠᠭᠤᠯᠢ᠂ ᠮᠣᠩᠭᠤᠯ ᠦᠨᠳᠦᠰᠦᠲᠡᠨ ᠤ ᠬᠤᠶᠠᠳᠤᠭᠠᠷ ᠳᠤᠮᠳᠠᠳᠤ ᠰᠤᠷᠭᠠᠭᠤᠯᠢ᠂ ᠮᠣᠩᠭᠤᠯ ᠦᠨᠳᠦᠰᠦᠲᠡᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ ᠬᠦᠷᠴᠦ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠡᠯ᠎ᠡ ᠰᠤᠷᠭᠠᠭᠤᠯᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠶᠠᠷᠢᠯᠴᠠᠪᠠ᠃ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠶᠣᠣ ᠼᠠᠢ ᠶᠠᠨ ᠰᠤᠷᠭᠠᠭᠤᠯᠢ ᠶᠢᠨ ᠠᠮᠤᠷ ᠬᠠᠮᠠᠭᠠᠯᠠᠯᠲᠠ ᠶᠢᠨ ᠲᠠᠰᠤᠭ᠂ ᠵᠢᠭᠠᠨ ᠰᠤᠷᠭᠠᠯᠲᠠ ᠶᠢᠨ ᠠᠰᠠᠷ᠂ ᠬᠤᠭᠤᠯᠠᠨ ᠭᠡᠷ᠂ ᠪᠠᠶᠢᠷᠢ ᠶᠢᠨ ᠭᠡᠷ ᠵᠡᠷᠭᠡ ᠭᠠᠵᠠᠷ ᠢ ᠪᠠᠶᠢᠴᠠᠭᠠᠨ ᠦᠵᠡᠵᠦ᠂ ᠠᠮᠤᠷ ᠢ ᠬᠠᠮᠠᠭᠠᠯᠠᠬᠤ᠂ ᠰᠤᠷᠭᠠᠭᠤᠯᠢ ᠶᠢᠨ ᠬᠤᠭᠤᠯᠠ ᠪᠤᠳᠠᠭ᠎ᠠ᠂ ᠠᠮᠤᠷ ᠲᠦᠪᠰᠢᠨ ᠤ ᠬᠥᠮᠦᠵᠢᠯ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠰᠤᠷᠭᠠᠭᠤᠯᠢ ᠶᠢᠨ ᠡᠷᠬᠢᠨ ᠲᠣᠭᠤᠷᠢᠨ ᠤ ᠠᠮᠤᠷ ᠲᠦᠪᠰᠢᠨ᠂ ᠰᠤᠷᠭᠠᠭᠤᠯᠢ ᠶᠢᠨ ᠳᠣᠲᠣᠭᠠᠳᠤ ᠶᠢᠨ ᠠᠮᠤᠷ ᠲᠦᠪᠰᠢᠨ ᠵᠡᠷᠭᠡ ᠠᠵᠢᠯ ᠳᠤ ᠪᠣᠳᠠᠲᠠᠢ ᠱᠠᠭᠠᠷᠳᠠᠯᠭ᠎ᠠ ᠳᠣᠷᠠᠳᠪᠠ᠃    ᠶᠣᠣ ᠼᠠᠢ ᠶᠠᠨ ᠢᠯᠡᠷᠬᠡᠶᠢᠯᠡᠬᠦ ᠳᠡᠭᠡᠨ᠂ ᠠᠮᠤᠷ ᠲᠦᠪᠰᠢᠨ ᠤ ᠬᠠᠷᠢᠭᠤᠴᠠᠯᠭ᠎ᠠ ᠲᠠᠶᠢᠱᠠᠨ ᠠᠭᠤᠯᠠᠨ ᠠᠴᠠ ᠬᠦᠨᠳᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠨᠢ ᠬᠡᠷ ᠪᠦᠯᠢ ᠨᠢᠭᠡᠪᠦᠷᠢ ᠶᠢᠨ ᠵᠣᠯ ᠵᠢᠷᠭᠠᠯ ᠪᠠ ᠨᠡᠶᠢᠭᠡᠮ ᠤᠨ ᠡᠶ᠎ᠡ ᠵᠣᠬᠢᠴᠠᠩᠭᠤᠶ ᠲᠣᠭᠲᠠᠭᠤᠨ ᠪᠠᠶᠢᠳᠠᠯ ᠲᠠᠢ ᠬᠤᠯᠪᠣᠭᠳᠠᠵᠤ᠂ ᠰᠤᠷᠭᠠᠨ ᠬᠥᠮᠦᠵᠢᠯ ᠤᠨ ᠠᠵᠢᠯ ᠤᠨ ᠬᠤᠷᠢᠭ᠎ᠠ ᠱᠤᠭᠤᠮ ᠮᠥᠨ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠰᠤᠷᠭᠠᠭᠤᠯᠢ ᠬᠢᠨ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠪᠠᠨ ᠴᠢᠩᠭᠠᠷᠠᠭᠤᠯᠤᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠬᠡᠷᠡᠮ ᠢ ᠬᠦᠴᠦ ᠪᠠᠨ ᠬᠠᠮᠲᠤᠳᠬᠠᠨ ᠪᠠᠬᠢᠵᠢᠭᠦᠯᠬᠦ ᠬᠡᠷᠡᠭᠲᠡᠶ᠃ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠥᠮᠦᠨ ᠤ ᠬᠦᠴᠦ ᠪᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ︽ᠠᠮᠤᠷ ᠲᠦᠪᠰᠢᠨ ᠤ ᠲᠣᠤᠷ︾ ᠢ ᠨᠢᠭᠲᠠ ᠪᠥᠭᠡᠳ ᠪᠠᠲᠤ ᠪᠠᠶᠢᠭᠤᠯᠬᠤ ᠬᠡᠷᠡᠭᠲᠡᠶ᠃ ᠴᠠᠭᠳᠠᠭ᠎ᠠ ᠠᠮᠤᠷ ᠬᠠᠮᠠᠭᠠᠯᠠᠭᠴᠢ ᠶᠢᠨ ᠬᠠᠮᠲᠣᠷᠠᠨ ᠠᠵᠢᠯᠯᠠᠵᠤ ᠬᠤᠯᠪᠣᠭᠠᠯᠠᠨ ᠡᠵᠡᠮᠳᠡᠬᠦ ᠲᠣᠭᠲᠠᠴᠠ ᠶᠢ ᠪᠦᠷᠢᠨᠰᠢᠭᠦᠯᠵᠦ᠂ ᠰᠤᠷᠭᠠᠭᠤᠯᠢ ᠶᠢᠨ ᠡᠭᠦᠳᠡᠨ ᠳᠠᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠰᠡᠷᠡᠮᠵᠢᠯᠡᠭᠦᠯᠬᠦ ᠲᠡᠮᠳᠡᠭ ᠫᠠᠶᠢᠰᠠ ᠶᠢ ᠲᠡᠭᠦᠯᠳᠡᠷᠵᠢᠭᠦᠯᠦᠨ᠂ ᠬᠡᠷ ᠤᠨ ᠠᠬᠠᠮᠠᠳ ᠤᠨ ᠲᠡᠷᠭᠡ ᠬᠥᠰᠬᠡ ᠳᠠᠷᠦ᠋ᠢᠬᠠᠨ ᠵᠣᠭᠰᠣᠵᠤ ᠳᠠᠷᠣᠶᠢᠬᠠᠨ ᠶᠠᠪᠣᠬᠤ ᠶᠢ ᠬᠥᠲᠥᠯᠦᠨ ᠵᠢᠯᠣᠭᠤᠳᠴᠤ ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠡᠮᠬᠢ ᠳᠢᠭᠯᠢᠮ ᠢ ᠪᠥᠬᠦ ᠬᠦᠴᠦᠨ ᠢᠶᠠᠷ ᠢᠶᠠᠨ ᠰᠠᠶᠢᠲᠤᠷ ᠬᠠᠮᠠᠭᠠᠯᠠᠬᠤ ᠬᠡᠷᠡᠭᠲᠡᠶ᠃ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠢᠳᠡᠭᠡᠨ ᠤ ᠲᠦᠭᠦᠬᠡᠢ ᠮᠠᠲ᠋ᠧᠷᠢᠶᠠᠯ ᠢ ᠰᠢᠯᠢᠨ ᠰᠣᠩᠭᠤᠵᠤ ᠡᠵᠡᠮᠳᠡᠬᠦ ᠶᠢ ᠴᠢᠩᠭᠠᠳᠬᠠᠵᠤ᠂ ᠢᠳᠡᠭᠡᠨ ᠤ ᠮᠠᠲ᠋ᠧᠷᠢᠶᠠᠯ ᠢ ᠬᠤᠳᠠᠯᠳᠤᠨ ᠠᠪᠬᠤ᠂ ᠬᠠᠳᠠᠭᠠᠯᠠᠬᠤ᠂ ᠡᠳ᠋ᠰᠢᠭᠦᠯᠦᠨ ᠦᠢᠯᠡᠳᠬᠦ ᠪᠣᠭᠤᠮᠲᠠ ᠶᠢ ᠴᠢᠩᠭ᠎ᠠ ᠠᠳᠬᠤᠵᠤ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠡᠯ᠎ᠡ ᠵᠦᠢᠯ ᠤᠨ ᠲᠦᠷᠢᠮ ᠢ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠳᠡᠯ ᠭᠠᠷᠬᠤ ᠶᠢ ᠡᠬᠢ ᠡᠭᠦᠰᠦᠯ ᠠᠴᠠ ᠨᠢ ᠬᠤᠷᠢᠭᠯᠠᠬᠤ ᠬᠡᠷᠡᠭᠲᠡᠢ᠃ ᠠᠮᠤᠷ ᠲᠦᠪᠰᠢᠨ ᠤ ᠬᠥᠮᠦᠵᠢᠯ ᠢ ᠴᠢᠩᠭ᠎ᠠ ᠰᠠᠶᠢᠲᠤᠷ ᠬᠢᠵᠦ᠂ ᠭᠠᠯ ᠢ ᠰᠡᠷᠭᠡᠶᠢᠯᠡᠬᠦ᠂ ᠳᠣᠷᠣᠮᠵᠢᠯᠠᠯ ᠢ ᠰᠡᠷᠭᠡᠶᠢᠯᠡᠬᠦ᠂ ᠵᠠᠮ ᠬᠠᠷᠢᠯᠴᠠᠭᠠᠨ ᠤ ᠠᠮᠤᠷ ᠲᠦᠪᠰᠢᠨ ᠵᠡᠷᠭᠡ ᠲᠤᠰᠬᠠᠶ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠪᠦᠲᠦᠮᠵᠢᠲᠡᠶ ᠥᠷᠨᠢᠭᠦᠯᠵᠦ᠂ ᠰᠤᠷᠤᠭᠴᠢᠳ ᠤᠨ ᠠᠮᠤᠷ ᠲᠦᠪᠰᠢᠨ ᠤ  ᠤᠬᠠᠮᠰᠠᠷ ᠢ ᠬᠦᠴᠦᠯᠡᠨ ᠳᠡᠭᠡᠭᠰᠢᠯᠡᠭᠦᠯᠵᠦ᠂ ᠰᠤᠷᠤᠭᠴᠢᠳ ᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠶ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号