11 ᠰᠠᠷ᠎ᠠ ᠶᠢᠨ 4 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠡᠦ ᠴᠢᠩ ᠬᠠᠢ᠂ ᠳᠡᠳ᠋ ᠡᠷᠬᠢᠯᠡᠭᠴᠢ ᠪᠦᠦ ᠯᠦᠩ ᠭᠡᠷᠴᠢᠯᠠᠭᠤ ᠰᠤᠮᠤ ᠶᠢᠨ | ᠬᠠᠷᠠᠵᠠ ᠭᠠᠴᠠᠭ᠎ᠠ᠂ ᠭᠡᠷᠴᠢᠯᠠᠭᠤ ᠰᠤᠮᠤ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠭᠤᠳᠠᠮ ᠲᠠᠯᠠᠪᠠᠢ᠂ | ᠭᠡᠷᠴᠢᠯᠠᠭᠤ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ ᠭᠠᠵᠠᠷ ᠲᠤ ᠬᠦᠷᠴᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠠᠬᠢᠳᠠᠯ ᠰᠤᠷᠪᠤᠯᠵᠢᠯᠠᠭ᠎ᠠ ᠶᠢ ᠣᠷᠣᠯᠠᠨ | ᠭᠦᠢᠴᠡᠳᠬᠡᠬᠦ ᠲᠦᠷᠢᠮ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠠᠬᠢᠭᠤᠯᠬᠤ ᠪᠠ | ᠦᠨᠳᠦᠰᠦᠲᠡᠨ ᠤ ᠪᠦᠯᠬᠦᠮᠳᠡᠯ ᠳᠠᠪᠰᠢᠯᠲᠠ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ | ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ | ᠰᠠᠭᠤᠳᠠᠯ ᠤᠨ ᠬᠤᠷᠠᠯ ᠬᠢᠬᠦ᠂ ᠠᠬᠤᠢ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ᠂ ᠠᠵᠢᠯ ᠤᠨ ᠬᠠᠷᠢᠭᠤ | ᠮᠡᠳᠡᠭᠦᠯᠦᠯᠲᠡ ᠶᠢ ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠲᠠᠮᠵᠢᠨ᠂ ᠬᠠᠮᠢᠶ᠎ᠠ ᠪᠥᠬᠦᠶ ᠠᠵᠢᠯ ᠢ ᠥᠷᠨᠢᠭᠦᠯᠦᠭᠰᠡᠨ | ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠢ ᠣᠶᠢᠯᠠᠭᠠᠵᠤ᠂ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ | ᠠᠰᠠᠭᠤᠳᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠪᠠ ᠲᠠᠷᠠᠭᠠᠴᠢ ᠶᠢᠨ ᠠᠯᠬᠤᠮ ᠳᠤ ᠵᠠᠬᠢᠳᠠᠯ ᠰᠤᠷᠪᠤᠯᠵᠢᠯᠠᠭ᠎ᠠ ᠶᠢ | ᠣᠷᠣᠯᠠᠨ ᠭᠦᠢᠴᠡᠳᠬᠡᠬᠦ ᠠᠵᠢᠯ ᠢ ᠨᠠᠶᠢᠳᠠᠪᠤᠷᠢᠵᠢᠭᠤᠯᠬᠤ ᠠᠷᠭ᠎ᠠ ᠶᠢ ᠬᠠᠮᠲᠤ ᠪᠠᠷ ᠰᠤᠳᠤᠯᠤᠭᠰᠠᠨ ᠪᠥᠭᠡᠳ ᠪᠣᠳᠠᠲᠠᠶ | ᠰᠢᠢᠳᠪᠦᠷᠢᠯᠡᠬᠦ ᠰᠠᠨᠠᠯ ᠰᠠᠨᠠᠭᠤᠯᠭ᠎ᠠ ᠲᠤᠷᠠᠳᠪᠠ᠃ | | | |