ᠣᠶᠢᠷ᠎ᠠ ᠳᠤ᠂ ᠪᠠᠶᠠᠷᠳᠤᠬᠤᠰᠢᠭᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠡᠷᠢᠭᠦᠯᠡᠭᠴᠢᠳ ᠤᠨ ᠪᠦᠯᠬᠦᠮ ᠬᠢᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤ ᠬᠢᠨᠠᠯᠲᠠ ᠲᠠᠯᠪᠢᠬᠤ ᠠᠵᠢᠯ | ᠥᠷᠨᠢᠭᠦᠯᠪᠡ᠃ ᠬᠢᠨᠠᠯᠲᠠ ᠲᠠᠯᠪᠢᠬᠤ ᠳᠤᠭᠤᠶᠢᠯᠠᠩ ᠶᠠᠷᠢᠯᠴᠠᠨ ᠰᠣᠯᠢᠯᠴᠠᠬᠤ᠂ ᠮᠠᠲ᠋ᠧᠷᠢᠶᠠᠯ ᠦᠵᠡᠬᠦ ᠵᠡᠷᠭᠡ ᠠᠷᠭ᠎ᠠ | ᠬᠡᠯᠪᠡᠷᠢ ᠪᠠᠷ ᠲᠠᠮᠵᠢᠨ᠂ ᠡᠯ᠎ᠡ ᠡᠭᠦᠷᠭᠡ ᠴᠢᠳᠠᠪᠬᠢᠳᠦ ᠰᠠᠯᠠᠭ᠎ᠠ ᠮᠥᠴᠢᠷ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠪᠠᠶᠢᠳᠠᠯ ᠪᠣᠯᠤᠨ ᠬᠠᠤᠯᠢ ᠬᠡᠷᠡᠭᠵᠢᠭᠦᠯᠬᠦ᠂ ᠡᠪᠡᠰᠤ ᠮᠠᠯ ᠤᠨ ᠲᠡᠩᠴᠡᠭᠦᠷᠢ᠂ ᠵᠢᠷᠤᠭ ᠲᠣᠯᠪᠤ ᠶᠢ | ᠴᠡᠭᠴᠡᠯᠡᠨ ᠰᠠᠶᠢᠵᠢᠷᠠᠭᠤᠯᠬᠤ᠂ ᠨᠠᠮ ᠤᠯᠠᠨ ᠲᠦᠮᠡᠨ ᠳᠤ ᠤᠶᠢᠯᠡᠴᠢᠯᠡᠬᠦ ᠲᠥᠪ ᠤᠨ ᠶᠡᠭᠡ ᠲᠢᠩᠬᠢᠮ ᠤᠨ ᠠᠵᠢᠯᠯᠠᠭ᠎ᠠ | ᠂ ᠴᠠᠭᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠨᠡᠶᠢᠭᠡᠮ ᠤᠨ | ᠵᠠᠰᠠᠯᠲᠠ᠂ ᠶᠠᠳᠠᠭᠤ ᠠᠴᠠ ᠠᠩᠭᠢᠵᠢᠷᠠᠭᠤᠯᠤᠭᠰᠠᠨ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠵᠡᠷᠭᠡ | ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃ | | | |