ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠣᠨᠣᠯ ᠰᠤᠷᠣᠯᠴᠠᠬᠤ ᠭᠤᠤᠯ ᠳᠤᠭᠤᠶᠢᠯᠠᠩ ᠠᠷᠪᠠᠨ ᠬᠤᠶᠠᠳᠤᠭᠠᠷ ᠤᠳᠠᠭᠠᠨ ᠤ ︵ᠥᠷᠭᠡᠳᠬᠡᠭᠰᠡᠨ︶ ᠲᠥᠪᠯᠡᠷᠡᠭᠦᠯᠦᠨ ᠰᠤᠷᠤᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2024/11/7
      11 ᠰᠠᠷ᠎ᠠ ᠶᠢᠨ 4 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 12 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠢᠪᠡ᠂  ᠬᠤᠷᠠᠯ ᠠᠴᠠ 10 ᠰᠠᠷ᠎ᠠ ᠶᠢᠨ 28 ᠤ ᠡᠳᠦᠷ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠤᠨ ᠠᠷᠠᠳ ᠤᠨ ᠶᠠᠪᠤᠳᠠᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠲᠠᠯ᠎ᠠ ᠪᠠᠷ ᠬᠢ ᠴᠢᠬᠤᠯᠠ ᠥᠭᠦᠯᠡᠯᠲᠡ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠪᠠ᠃     ᠬᠤᠷᠠᠯ ᠠᠴᠠ᠂ ᠪᠦᠬᠦ ᠲᠠᠯ᠎ᠠ ᠪᠠᠷ ᠴᠢᠩᠭ᠎ᠠ ᠪᠠᠶᠢᠬᠤ ᠭᠤᠣᠯ ᠬᠦᠭ ᠠᠶᠠᠰ ᠢ ᠴᠥᠬᠦᠷᠡᠰᠢ ᠦᠭᠡᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠤᠨ ᠤᠯᠤᠰ ᠲᠦᠷᠦ ᠶᠢᠨ ᠪᠠᠶᠢᠭᠤᠯᠭ᠎ᠠ ᠶᠢᠨ ᠰᠢᠨᠵᠢ ᠴᠢᠨᠠᠷ ᠢ ᠪᠠᠲᠤ ᠴᠡᠭᠡᠵᠢᠯᠡᠵᠦ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠤᠨ ᠰᠢᠯᠢᠳᠡᠭ ᠤᠯᠠᠮᠵᠢᠯᠠᠯ ᠢ ᠤᠯᠠᠮᠵᠢᠯᠠᠨ ᠪᠠᠳᠠᠷᠠᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠦᠨᠡᠨ ᠬᠦ ᠦᠵᠡᠯ ᠰᠠᠨᠠᠭ᠎ᠠ ᠪᠠᠨ ᠴᠢᠬᠤᠯᠠᠴᠢᠯᠠᠵᠤ᠂ ᠦᠨᠡᠨ ᠬᠦ ᠤᠯᠤᠰ ᠲᠦᠷᠦ ᠶᠢᠨ ᠤᠬᠠᠮᠰᠠᠷ ᠲᠠᠢ᠂ ᠦᠨᠡᠨ ᠬᠦ ᠦᠢᠯᠡ ᠠᠵᠢᠯᠯᠠᠭ᠎ᠠ ᠪᠠᠨ ᠨᠠᠶᠢᠳᠠᠪᠤᠷᠢᠵᠢᠭᠤᠯᠬᠤ ᠬᠡᠷᠡᠭᠲᠡᠢ᠃ ᠪᠦᠬᠦ ᠲᠠᠯ᠎ᠠ ᠪᠠᠷ ᠴᠢᠩᠭ᠎ᠠ ᠪᠠᠶᠢᠬᠤ ᠠᠷᠭ᠎ᠠ ᠬᠡᠮᠵᠢᠶ᠎ᠡ ᠶᠢ ᠤᠷᠳᠤ ᠬᠤᠭᠤᠴᠠᠭ᠎ᠠ ᠪᠠᠷ ᠨᠠᠶᠢᠳᠠᠪᠤᠷᠢᠵᠢᠭᠤᠯᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠭᠦᠢᠴᠡᠳᠬᠡᠬᠦ ᠪᠠ ᠨᠢᠭᠡᠳᠦᠮᠡᠯ ᠹᠷᠣᠨᠲ ᠤᠨ ᠠᠵᠢᠯ ᠢ ᠠᠬᠢᠭᠤᠯᠬᠤ ᠶᠢ ᠣᠷᠭᠠᠨᠢᠭ ᠢᠶᠠᠷ ᠠᠭᠤᠰᠤᠯᠴᠠᠭᠤᠯᠵᠤ᠂ ᠴᠢᠩᠭ᠎ᠠ ᠬᠠᠮᠢᠶᠠᠷᠴᠤ ᠪᠠᠶᠢᠬᠤ ᠪᠣᠯ ᠳᠠᠷᠤᠢ   ᠬᠠᠶᠢᠷᠠᠯᠠᠵᠤ ᠪᠠᠶᠢᠬᠤ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠴᠤᠬᠤᠶᠢᠯᠲᠠ ᠶᠢᠨ ᠴᠢᠨᠠᠷᠲᠠᠢ ᠬᠡᠯᠪᠡᠷᠢᠯ ᠤᠨ ᠴᠢᠨᠠᠷᠲᠠᠢ ᠠᠰᠠᠭᠤᠳᠠᠯ ᠢ ᠡᠷᠲᠡ ᠠᠴᠠ ᠠᠳᠬᠤᠨ ᠪᠠᠭ᠎ᠠ ᠳᠤᠨᠢ ᠠᠳᠬᠤᠵᠤ᠂ ᠪᠠᠭ᠎ᠠ ᠳᠡᠭᠡᠷ᠎ᠡ ᠨᠢ ᠰᠡᠷᠭᠡᠶᠢᠯᠡᠵᠦ᠂ ᠰᠤᠷᠲᠠᠯ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠡᠷᠡᠭᠦᠯ ᠥᠭᠡᠳᠡᠷᠬᠡᠭ ᠤᠯᠤᠰ ᠲᠦᠷᠦ ᠶᠢᠨ ᠰᠣᠶᠣᠯ ᠢ ᠪᠠᠬᠢᠵᠢᠭᠦᠯᠬᠦ ᠬᠡᠷᠡᠭᠲᠡᠢ᠃ ᠪᠦᠬᠦ ᠲᠠᠯ᠎ᠠ ᠪᠠᠷ ᠴᠢᠩᠭ᠎ᠠ ᠪᠠᠶᠢᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠤᠳᠤᠷᠢᠳᠬᠤ ᠪᠠᠭ ᠤᠨ ᠭᠡᠰᠢᠭᠦᠨ ᠦᠪᠡᠷ ᠤᠨ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠬᠠᠷᠢᠶ᠎ᠠ ᠣᠷᠣᠨ ᠢᠶᠠᠨ ᠴᠢᠩᠭ᠎ᠠ ᠬᠠᠮᠢᠶᠠᠷᠴᠤ᠂ ᠥᠪᠡᠷ ᠢ ᠪᠠᠨ ᠴᠢᠩᠭ᠎ᠠ ᠱᠠᠭᠠᠷᠳᠠᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠵᠢᠯᠣᠭᠤᠳᠬᠤ ᠪᠠᠨ ᠴᠢᠩᠭᠠᠳᠬᠠᠵᠤ᠂ ᠨᠢᠭᠡᠳᠦᠮᠡᠯ ᠹᠷᠣᠨᠲ ᠤᠨ ᠰᠢᠰᠲ᠋ᠧᠮ ᠤᠨ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠬᠦᠴᠦᠯᠡᠨ ᠪᠤᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃    ᠨᠢᠭᠡᠳᠦᠮᠡᠯ ᠹᠷᠣᠨᠲ ᠤᠨ ᠰᠢᠰᠲ᠋ᠧᠮ ᠤᠨ ᠪᠦᠬᠦ ᠺᠠᠳ᠋ᠷᠴᠣᠳ ᠬᠤᠷᠠᠯ ᠳᠤ ᠣᠷᠣᠯᠴᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号