ᠵᠠᠷᠤᠳ ᠬᠤᠰᠢᠭᠤᠨ ᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ ᠠᠬᠢᠭᠤᠯᠬᠤ ᠪᠤᠢ
ᠨᠡᠶᠢᠲᠡᠯᠡᠭᠰᠡᠨ ᠴᠠᠭ᠄
2024/11/8
             ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠃ ᠣᠶᠢᠷ᠎ᠠ ᠶᠢᠨ ᠵᠢᠯ ᠳᠤ᠂ ᠵᠠᠷᠤᠳ ᠬᠤᠰᠢᠭᠤ ︽ᠲᠥᠷᠥᠯ ᠵᠦᠢᠯ ᠢᠶᠠᠷ ᠭᠤᠤᠯ ᠪᠣᠯᠭᠠᠵᠤ᠂ ᠬᠤᠳᠠᠯᠳᠤᠭᠠᠴᠢᠨ ᠤᠷᠢᠬᠤ ᠪᠠᠷ ᠭᠤᠤᠯ ᠪᠣᠯᠭᠠᠬᠤ︾ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠷᠢᠮᠲᠠᠯᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠢᠮᠠᠭᠲᠠ ᠲᠡᠷᠢᠭᠦᠨ ᠴᠢᠬᠤᠯᠠ ᠡᠭᠦᠷᠭᠡ ᠪᠣᠯᠭᠠᠨ ᠠᠬᠢᠭᠤᠯᠵᠤ᠂ ᠨᠠᠷᠢᠨ ᠨᠢᠮᠪᠠᠶ ᠲᠥᠯᠥᠪᠵᠢᠭᠦᠯᠵᠦ ᠂ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ︽ᠰᠢᠪᠲᠤᠯᠬᠤ︾ ᠶᠢ ᠠᠬᠢᠭᠤᠯᠵᠤ᠂ ᠡᠭᠦᠨ ᠤ ᠤᠯᠠᠮ ᠢᠶᠠᠷ ᠬᠤᠲᠠ ᠪᠠᠯᠭᠠᠰᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠢ ᠲᠠᠰᠤᠷᠠᠯᠲᠠ ᠥᠬᠡᠶ ᠨᠢᠭᠲᠠᠷᠠᠭᠤᠯᠪᠠ᠃    ᠵᠠᠬᠠᠨᠠᠭᠤᠷ ᠤᠨ ᠠᠵᠤ ᠤᠶᠢᠯᠡᠰ ᠤᠨ ᠲᠣᠭᠤᠷᠢᠭ ᠲᠤ ᠪᠠᠶᠢᠭ᠎ᠠ ᠲᠦᠩᠯᠢᠶᠣᠤ ᠬᠤᠲᠠ ᠶᠢᠨ ᠭᠦᠸᠧ ᠷᠦᠨ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ᠶᠢᠨ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠤᠨ ᠪᠠᠷᠢᠯᠭ᠎ᠠ ᠶᠢᠨ ᠠᠬᠤᠢ ᠲᠠᠯᠠᠪᠠᠶ ᠳᠤ ᠬᠦᠷᠬᠦ ᠳᠤ᠂ ᠮᠠᠰᠢᠨ ᠬᠦᠩᠭᠢᠨᠡᠵᠦ᠂ ᠪᠠᠷᠢᠯᠭ᠎ᠠ ᠶᠢᠨ ᠲᠡᠷᠭᠡ ᠨᠠᠰᠢ ᠴᠠᠰᠢ ᠰᠦᠯᠵᠢᠯᠳᠦᠵᠦ᠂ ᠠᠵᠢᠯᠴᠢᠳ ᠬᠦᠷ ᠬᠥᠭᠵᠢᠶᠡᠨ ᠲᠠᠢ ᠠᠵᠢᠯᠯᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠬᠦᠷ ᠬᠥᠭᠵᠢᠶᠡᠨ ᠣᠷᠣᠭᠰᠢ ᠲᠠᠢ ᠶᠠᠪᠣᠭᠳᠠᠵᠤ ᠪᠠᠶᠢᠨ᠎ᠠ᠃    ᠲᠠᠨᠢᠯᠴᠠᠭᠤᠯᠤᠭᠰᠠᠨ ᠢᠶᠠᠷ᠂ ᠲᠣᠰ ᠲᠥᠷᠥᠯ ᠵᠦᠢᠯ ᠨᠢ ᠬᠥᠩᠭᠡᠨᠴᠠᠭᠠᠨ ᠤ ᠢᠰᠦᠯ᠂ ᠴᠠᠬᠢᠯᠭᠠᠨ ᠵᠠᠳᠠᠯᠤᠯ ᠤᠨ ᠬᠥᠩᠭᠡᠨ ᠴᠠᠭᠠᠨ ᠵᠡᠷᠭᠡ ᠠᠵᠤ ᠦᠢᠯᠡᠰ ᠤᠨ ᠢᠵᠢ ᠪᠥᠷᠢᠳᠦᠭᠦᠯᠬᠦ ᠲᠥᠷᠥᠯ ᠵᠦᠢᠯ ᠪᠣᠯᠤᠭᠰᠠᠨ ᠤ ᠬᠤᠪᠢ ᠳᠤ᠂ ᠲᠣᠭᠤᠷᠢᠭ ᠤᠨ ᠪᠠᠷᠠᠭᠠᠨ ᠤ ᠭᠦᠢᠯᠭᠡᠭᠡᠨ ᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠳᠡᠭᠡᠭᠰᠢᠯᠡᠭᠦᠯᠬᠦ᠂ ᠠᠵᠤ ᠠᠬᠤᠶᠢᠯᠠᠯ ᠤᠨ ᠲᠦᠭᠦᠬᠡᠶ ᠮᠠᠲ᠋ᠧᠷᠢᠶᠠᠯ ᠤᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ᠂ ᠬᠥᠩᠭᠡᠨᠴᠠᠭᠠᠨ ᠤ ᠰᠠᠭᠤᠷᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠬᠦ ᠵᠡᠷᠭᠡ ᠲᠠᠯ᠎ᠠ ᠪᠠᠷ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 3.3 ᠳ᠋ᠦᠩᠰᠢᠭᠤᠷ ᠲᠥᠭᠦᠷᠢᠭ᠂ 2 ᠴᠢᠩᠭᠡᠯᠢᠭ ᠤᠨ ᠠᠴᠢᠶᠠᠯᠠᠵᠤ ᠪᠠᠭᠤᠯᠭᠠᠬᠤ ᠱᠤᠭᠤᠮ ᠂ 1 ᠮᠠᠰᠢᠨᠲᠤ ᠲᠡᠷᠭᠡᠨ ᠤ ᠠᠶᠠᠯᠠᠯ ᠤᠨ ᠱᠤᠭᠤᠮ᠂ 1 ᠨᠡᠭᠦᠷᠡᠰᠦ ᠠᠴᠢᠶᠠᠯᠠᠵᠤ ᠪᠠᠭᠤᠯᠭᠠᠬᠤ ᠱᠤᠭᠤᠮ ᠢ ᠰᠢᠨ᠎ᠡ ᠪᠠᠷ ᠪᠠᠶᠢᠭᠤᠯᠵᠤ᠂ ᠱᠤᠭᠤᠮ ᠤᠨ ᠶᠡᠷᠦᠩᠬᠡᠶ ᠣᠷᠳᠣ ᠨᠢ 6.57 ᠺᠢᠯᠤᠮᠧᠲᠷ ᠪᠣᠯᠤᠨ᠎ᠠ᠃ ᠲᠥᠷᠥᠯ ᠵᠦᠢᠯ ᠪᠦᠬᠦᠨ ᠢᠶᠠᠷ ᠢᠶᠠᠨ ᠦᠢᠯᠡᠳᠪᠦᠷᠢᠯᠡᠯ ᠳᠤ ᠤᠷᠤᠭᠰᠠᠨ ᠤ ᠳᠠᠷᠠᠭ᠎ᠠ᠂ ᠵᠢᠯ ᠤᠨ ᠪᠠᠷᠠᠭ᠎ᠠ ᠣᠷᠣᠭᠤᠯᠵᠤ ᠭᠠᠷᠭᠠᠬᠤ ᠬᠡᠮᠵᠢᠶ᠎ᠡ 750 ᠲᠦᠮᠡᠨ ᠲᠣᠨ ᠳᠤ ᠬᠦᠷᠴᠦ᠂ ᠡᠵᠡᠩᠨᠡᠯᠲᠡ ᠶᠢᠨ ᠣᠷᠣᠯᠭ᠎ᠠ 2.98 ᠳ᠋ᠦᠩᠰᠢᠭᠤᠷ ᠲᠥᠭᠦᠷᠢᠭ᠂ 1300 ᠲᠦᠮᠡᠨ ᠲᠥᠭᠦᠷᠢᠭ ᠤᠨ ᠭᠠᠶᠢᠯᠢ ᠶᠢᠨ ᠮᠥᠩᠭᠦ ᠶᠢ ᠳᠡᠭᠡᠭᠰᠢ ᠲᠤᠰᠢᠶᠠᠵᠤ᠂ 165 ᠬᠦᠮᠦᠰ ᠢ ᠲᠥᠪᠬᠢᠨᠡᠭᠦᠯᠦᠨ ᠠᠵᠢᠯ ᠣᠯᠭᠤᠨ᠎ᠠ᠃   ︽ᠣᠳᠣᠬᠠᠨ ᠳᠤ ᠲᠡᠮᠦᠷ ᠵᠠᠮ ᠤᠨ ᠪᠠᠷᠢᠯᠭ᠎ᠠ ᠨᠢᠭᠡᠨᠲᠡ ᠳᠠᠭᠤᠰᠴᠤ᠂ ᠵᠠᠯᠭᠠᠭ᠎ᠠ ᠪᠠᠷ ᠰᠢᠯᠭᠠᠨ ᠠᠪᠬᠤ ᠶᠢ ᠬᠦᠯᠢᠶᠡᠵᠦ᠂ ᠮᠠᠷᠭᠠᠰᠢ ᠨᠡᠭᠦᠷᠡᠰᠦᠨ ᠤ ᠦᠢᠯᠡᠳᠪᠦᠷᠢ ᠶᠢᠨ ᠬᠡᠷ ᠪᠠᠶᠢᠰᠢᠩ ᠤᠨ ᠪᠣᠯᠣᠳ ᠪᠦᠲᠦᠴᠡ ᠤᠭᠰᠠᠷᠠᠬᠤ ᠪᠠᠷ ᠪᠡᠯᠡᠳᠬᠡᠵᠦ᠂ ᠰᠢᠷᠣᠶ ᠶᠢᠨ ᠪᠠᠷᠢᠯᠭ᠎ᠠ ᠨᠢᠭᠡᠨᠲᠡ ᠪᠦᠬᠦᠨ ᠢᠶᠠᠷ ᠢᠶᠠᠨ ᠳᠠᠭᠤᠰᠴᠤ᠂ ᠣᠲᠣ ᠵᠠᠮ ᠢ ᠴᠦ ᠬᠠᠲᠠᠭᠤᠷᠠᠭᠤᠯᠵᠤ᠂ ᠬᠡᠷ ᠤᠨ ᠳᠣᠲᠣᠨ᠎ᠠ ᠭᠠᠳᠠᠨᠠᠬᠢ ᠶᠢ ᠵᠠᠰᠠᠵᠤ ᠴᠢᠮᠡᠭᠯᠡᠬᠦ ᠠᠵᠢᠯ ᠢ ᠬᠢᠭᠡᠳᠦᠢ᠂ ᠵᠢᠱᠢᠯᠲᠡ ᠪᠠᠷ ᠢᠷᠡᠬᠦ ᠵᠢᠯ ᠤᠨ 5 ᠰᠠᠷ᠎ᠠ ᠳᠤ ᠪᠦᠬᠦᠯᠢ ᠴᠣᠭᠴᠠ ᠶᠢᠨ ᠲᠥᠷᠥᠯ ᠵᠦᠢᠯ ᠢ ᠪᠦᠬᠦᠨ ᠢ ᠪᠠᠶᠢᠭᠤᠯᠵᠤ ᠳᠠᠭᠤᠰᠬᠠᠨ᠎ᠠ᠃︾ ᠭᠡᠵᠦ ᠲᠤᠰ ᠺᠣᠮᠫᠠᠨᠢ ᠶᠢᠨ ᠬᠠᠷᠢᠭᠤᠴᠠᠯᠭᠠᠲᠠᠨ ᠶᠠᠩ ᠵᠢᠶᠧ ᠬᠡᠯᠡᠪᠡ᠃   ᠮᠧᠩ ᠾᠦᠢ ᠲᠦᠩ ︵ᠥᠪᠥᠷ ᠮᠣᠩᠭᠤᠯ︶ ᠴᠠᠬᠢᠯᠭᠠᠨ ᠤᠲᠠᠰᠤᠨ ᠤ ᠬᠢᠵᠠᠭᠠᠷᠲᠤ ᠺᠣᠮᠫᠠᠨᠢ ᠪᠣᠯ ᠵᠠᠷᠤᠳ ᠬᠤᠰᠢᠭᠤᠨ ᠤ ᠪᠠᠷᠢᠮᠵᠢᠶᠠᠵᠢᠭᠰᠠᠨ ᠦᠢᠯᠡᠳᠪᠦᠷᠢ ᠶᠢᠨ ᠲᠠᠰᠤᠭ ᠢᠶᠠᠷ ᠳᠠᠮᠵᠢᠨ  ᠣᠷᠢᠵᠤ ᠠᠪᠴᠢᠷᠠᠭᠰᠠᠨ ᠠᠩᠬᠠᠳᠠᠭᠴᠢ ᠰᠢᠨ᠎ᠡ ᠡᠨᠧᠷᠭᠢ ᠶᠢᠨ ᠢᠵᠢ ᠪᠦᠷᠢᠳᠦᠭᠦᠯᠬᠦ ᠠᠵᠤ ᠠᠬᠤᠶᠢᠯᠠᠯ ᠪᠣᠯᠬᠤ ᠪᠥᠭᠡᠳ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠠᠩᠬᠠᠳᠠᠭᠴᠢ ᠴᠠᠬᠢᠯᠭᠠᠨ  ᠤᠲᠠᠰᠤ ᠶᠢᠨ ᠠᠵᠤ ᠠᠬᠤᠶᠢᠯᠠᠯ ᠪᠣᠯᠤᠨ᠎ᠠ᠃ ᠲᠣᠰ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠨᠢ 3 ᠳ᠋ᠦᠩᠰᠢᠭᠤᠷ ᠲᠥᠭᠦᠷᠢᠭ ᠪᠠᠶᠢᠵᠤ᠂ ᠭᠤᠣᠯᠳᠠᠭᠤ ᠴᠠᠬᠢᠯᠭᠠᠨ ᠬᠦᠴᠦᠨ ᠴᠠᠬᠢᠯᠭᠠᠨ ᠲᠠᠲᠠᠯᠭ᠎ᠠ᠂ ᠬᠥᠩᠭᠡᠨ ᠴᠠᠭᠠᠨ ᠤ ᠬᠠᠶᠢᠯᠤᠰᠢ ᠶᠢᠨ ᠴᠠᠬᠢᠯᠭᠠᠨ ᠲᠠᠲᠠᠯᠭ᠎ᠠ᠂ ᠰᠦᠯᠢᠶᠥᠦ ᠴᠠᠬᠢᠯᠭᠠᠨ ᠲᠠᠲᠠᠯᠭ᠎ᠠ᠂ ᠰᠦᠯᠵᠢᠮᠡᠯ ᠴᠠᠬᠢᠯᠭᠠᠨ ᠲᠠᠲᠠᠯᠭ᠎ᠠ ᠵᠡᠷᠭᠡ 20 ᠭᠠᠷᠤᠢ ᠲᠥᠷᠥᠯ ᠵᠦᠢᠯ᠂ ᠲᠦᠮᠡ ᠭᠠᠷᠤᠢ ᠵᠦᠢᠯ ᠤᠨ ᠬᠡᠪ ᠪᠠᠷᠢᠮᠵᠢᠶ᠎ᠠ ᠪᠠᠶᠢᠵᠤ᠂ ᠺᠣᠮᠫᠠᠨᠢ ᠨᠢ ISO9001᠂ ISI4001 ᠵᠡᠷᠭᠡ ᠤᠯᠠᠨ ᠤᠯᠤᠰ ᠤᠨ ᠶᠠᠰᠤ ᠴᠢᠨᠠᠷ ᠤᠨ ᠭᠡᠷᠡᠴᠢᠯᠡᠭᠡ ᠶᠢᠨ ᠰᠢᠰᠲ᠋ᠧᠮ ᠤᠨ ᠭᠡᠷᠡᠴᠢᠯᠡᠯ ᠪᠠ CC᠂ CA ᠵᠡᠷᠭᠡ ᠤᠯᠤᠰ ᠤᠨ ᠠᠯᠪᠠᠳᠠᠯᠭ᠎ᠠ ᠶᠢᠨ ᠦᠢᠯᠡᠳᠬᠦᠨ ᠤ ᠭᠡᠷᠡᠴᠢᠯᠡᠭᠡ ᠪᠠ AAA ᠳᠡᠰ ᠤᠨ ᠬᠡᠮᠵᠢᠯᠲᠡ ᠶᠢᠨ ᠬᠠᠮᠢᠶᠠᠷᠤᠯᠲᠠ ᠶᠢᠨ ᠰᠢᠰᠲ᠋ᠧᠮ ᠤᠨ ᠵᠦᠪᠰᠢᠶᠡᠷᠡᠯ ᠣᠯᠪᠠ᠃   ᠲᠦᠷᠦᠯ ᠵᠦᠢᠯ ᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠵᠤ ᠪᠠᠶᠢᠭ᠎ᠠ ᠶᠠᠪᠤᠳᠠᠯ ᠮᠥᠨ᠂ ᠲᠦᠷᠦᠯ ᠵᠦᠢᠯ ᠢ ᠲᠦᠰᠦᠪᠯᠡᠬᠦ ᠪᠣᠯ ᠳᠠᠷᠤᠢ ᠢᠷᠡᠭᠡᠳᠦᠢ ᠶᠢ ᠲᠦᠰᠦᠪᠯᠡᠵᠦ ᠪᠠᠶᠢᠭ᠎ᠠ ᠶᠠᠪᠤᠳᠠᠯ ᠮᠥᠨ᠃ ᠡᠨᠡ ᠵᠢᠯ ᠠᠴᠠ ᠨᠠᠰᠢ ᠂ ᠵᠠᠷᠤᠳ ᠬᠤᠰᠢᠭᠤ ᠠᠵᠤ ᠠᠬᠤᠶ ᠶᠢᠨ ᠪᠠᠭᠤᠷᠠᠯᠲᠠ ᠠᠴᠠ ᠪᠣᠯᠤᠭᠰᠠᠨ ᠳᠠᠷᠤᠯᠲᠠ ᠪᠠ ᠥᠷᠢᠰᠥᠯᠳᠦᠭᠡᠨ ᠳᠤ ᠰᠢᠭᠤᠳ ᠬᠠᠨᠳᠤᠵᠤ᠂ ᠨᠡᠮᠡᠭᠳᠡᠯ ᠤᠨ ᠬᠤᠷᠳᠤᠴᠠ ᠪᠠᠨ ᠰᠣᠯᠢᠬᠤ  ᠬᠤᠪᠢᠷᠠᠭᠤᠯᠬᠤ᠂ ᠪᠦᠲᠦᠴᠡ ᠪᠠᠨ ᠰᠢᠯᠢᠳᠡᠭᠵᠢᠭᠦᠯᠬᠦ᠂ ᠬᠥᠳᠡᠯᠭᠡᠬᠦ ᠬᠦᠴᠦᠨ ᠢᠶᠠᠨ ᠬᠤᠪᠢᠷᠠᠭᠤᠯᠬᠤ ᠶᠡᠭᠡ ᠬᠠᠨᠳᠤᠰᠢ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠰᠢᠨ᠎ᠡ ᠠᠵᠤ ᠦᠢᠯᠡᠰ᠂ ᠰᠢᠨ᠎ᠡ ᠵᠠᠭᠪᠤᠷ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠳᠤᠮᠳᠠ ᠠᠵᠤ ᠠᠬᠤᠶ ᠶᠢᠨ ᠨᠡᠮᠡᠭᠳᠡᠯ ᠤᠨ ᠰᠢᠨ᠎ᠡ ᠬᠥᠳᠡᠯᠭᠡᠬᠦ ᠬᠦᠴᠦᠨ ᠢ ᠡᠷᠢᠯᠬᠢᠯᠡᠵᠦ᠂ ᠬᠤᠯᠪᠣᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠠᠪᠴᠤ᠂ ᠠᠵᠤ ᠠᠬᠤᠶᠢᠯᠠᠯ ᠳᠤ ᠰᠠᠭᠤᠷᠢ ᠠᠵᠢᠯ ᠢ ᠰᠠᠶᠢᠲᠤᠷ ᠬᠢᠬᠦ᠂ ᠲᠥᠷᠥ ᠶᠢᠨ ᠪᠣᠳᠣᠯᠭ᠎ᠠ᠂ ᠪᠠᠯᠠ ᠮᠥᠩᠭᠦ ᠤᠯᠬᠤ ᠵᠡᠷᠭᠡ ᠲᠠᠯ᠎ᠠ ᠶᠢᠨ ᠦᠢᠯᠡᠴᠢᠯᠡᠭᠡ ᠪᠠᠨ ᠰᠠᠶᠢᠲᠤᠷ ᠬᠢᠵᠦ᠂ ᠠᠵᠤ ᠠᠬᠤᠶᠢᠯᠠᠯ ᠤᠨ ᠠᠵᠢᠯᠯᠠᠭᠠᠨ ᠤ ᠬᠢᠨᠠᠨ ᠬᠡᠮᠵᠢᠯᠲᠡ ᠶᠢ ᠴᠢᠩᠭᠠᠳᠬᠠᠵᠤ᠂ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠢᠳᠡᠪᠬᠢᠲᠡᠶ ᠠᠬᠢᠭᠤᠯᠪᠠ᠃ ᠡᠭᠦᠨ ᠤ ᠬᠠᠮᠲᠤ᠂ ᠵᠠᠬᠠᠨᠠᠭᠤᠷ ᠠᠵᠤ ᠦᠢᠯᠡᠳᠪᠦᠷᠢ ᠶᠢᠨ ᠲᠣᠭᠤᠷᠢᠭ ᠤᠨ ᠨᠡᠭᠦᠷᠡᠰᠦ ᠴᠠᠬᠢᠯᠭᠠᠨ ᠬᠦᠩᠭᠡᠨᠴᠠᠭᠠᠨ ᠤ ᠣᠷᠴᠢᠯ ᠠᠵᠤ ᠠᠬᠤᠶ ᠶᠢᠨ ᠠᠵᠤ ᠦᠢᠯᠡᠰ ᠤᠨ ᠰᠦᠷᠦᠭᠵᠢᠯ᠂ ᠯᠦᠪᠸᠢ ᠠᠵᠤ ᠦᠢᠯᠡᠳᠪᠦᠷᠢ ᠶᠢᠨ ᠲᠣᠭᠤᠷᠢᠭ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ᠋ᠰᠢᠭᠦᠯᠬᠦ᠂ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ ᠵᠡᠷᠭᠡ ᠡᠬᠢ ᠪᠠᠶᠠᠯᠢᠭ ᠤᠨ ᠪᠤᠰᠤ ᠠᠵᠤ ᠦᠢᠯᠡᠰ ᠤᠨ ᠪᠦᠯᠦᠭᠯᠡᠯ᠂ ᠳᠡᠭᠡᠳᠦ ᠮᠡᠷᠭᠡᠵᠢᠯ ᠤᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠲᠣᠭᠤᠷᠢᠭ ᠤᠨ ᠰᠢᠨ᠎ᠡ ᠬᠡᠯᠪᠡᠷᠢ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠯᠦᠭᠵᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠶ ᠠᠬᠢᠭᠤᠯᠵᠤ᠂ ᠬᠦᠩᠭᠡᠨᠴᠠᠭᠠᠨ ᠤ ᠰᠢᠨ᠎ᠡ ᠮᠠᠲ᠋ᠧᠷᠢᠶᠠᠯ ᠢ ᠨᠠᠷᠢᠯᠢᠭ ᠡᠳ᠋ᠰᠢᠭᠦᠯᠬᠦ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠡᠨᠡ ᠬᠦ ᠭᠤᠤᠯᠳᠠᠯᠭ᠎ᠠ ᠶᠢᠨ ᠲᠣᠭᠤᠷᠢᠨ ᠳᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠭᠤᠤᠯᠳᠠᠯᠭ᠎ᠠ ᠲᠠᠢ ᠲᠥᠷᠥᠯ ᠵᠦᠢᠯ ᠪᠣᠯᠤᠨ ᠬᠦᠷᠢᠶᠡᠯᠡᠩ ᠲᠣᠭᠤᠷᠢᠭ ᠤᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠠᠵᠤ ᠦᠢᠯᠡᠰ ᠤᠨ ᠳᠡᠭᠡᠳᠦ ᠳᠡᠰᠵᠢᠯᠲᠡ᠂ ᠦᠢᠯᠡᠳᠬᠦᠨ ᠤ ᠦᠵᠦᠭᠦᠷᠵᠢᠭᠰᠡᠨ ᠠᠬᠢᠴᠠ ᠶᠢ ᠶᠡᠬᠡᠪᠡᠷ ᠠᠬᠢᠭᠤᠯᠬᠤ ᠳᠤᠮᠳᠠ᠂ ᠠᠵᠤ ᠦᠢᠯᠡᠳᠪᠦᠷᠢ ᠶᠢᠨ ᠠᠵᠤ ᠠᠬᠤᠶ ᠶᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠴᠢᠷᠮᠠᠶᠢᠨ ᠪᠡᠶᠡᠯᠡᠭᠦᠯᠦᠨ᠎ᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号