ᠥᠷᠭᠡᠨ ᠣᠯᠠᠨ ᠮᠠᠯᠴᠢᠨ ᠲᠠᠷᠢᠶᠠᠴᠢᠳ ᠡ᠄ | ᠮᠠᠨ ᠤ ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠤᠯᠠᠮ ᠨᠢᠭᠡ ᠠᠯᠬᠤᠮ | ᠬᠠᠮᠠᠭᠠᠯᠠᠵᠤ᠂ ᠣᠢ ᠶᠢᠨ ᠬᠤᠷᠮᠣᠢ ᠶᠢᠨ ᠲᠠᠷᠢᠮᠠᠯ ᠤᠨ ᠠᠵᠢᠯᠯᠠᠭ᠎ᠠ ᠶᠢ ᠵᠢᠷᠤᠮᠵᠢᠭᠤᠯᠤᠨ᠂ ᠳᠤᠷ᠎ᠠ ᠪᠠᠷ ᠢᠶᠠᠨ | ᠬᠠᠭᠠᠯᠪᠤᠷᠢᠯᠠᠵᠤ ᠳᠤᠷ᠎ᠠ ᠪᠠᠷ ᠢᠶᠠᠨ ᠳᠠᠷᠢᠬᠤ ᠦᠵᠡᠭᠳᠡᠯ ᠢ ᠴᠠᠭᠠᠵᠠᠯᠠᠵᠤ᠂ ᠣᠢ ᠰᠢᠭᠤᠢ ᠨᠣᠲᠤᠭ ᠪᠡᠯᠴᠢᠭᠡᠷ ᠤᠨ ᠠᠮᠢ | ᠠᠬᠤᠢ ᠶᠢᠨ ᠬᠠᠮᠠᠭᠠᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠥᠨᠥ ᠬᠤᠯᠪᠣᠭᠳᠠᠯ ᠪᠦᠬᠦᠢ | ᠵᠦᠢᠯᠡᠰ ᠢ ᠮᠡᠳᠡᠭᠳᠡᠶ᠎ᠡ᠄ | ᠨᠢᠭᠡ᠂ ᠣᠶᠢᠲᠤ ᠭᠠᠵᠠᠷ ᠤᠨ ᠲᠥᠷᠥᠯ | ︵ᠨᠢᠭᠡ︶ ᠠᠰᠢᠭᠯᠠᠬᠤ ᠶᠢ ᠴᠠᠭᠠᠵᠠᠯᠠᠬᠤ ᠣᠶᠢᠲᠤ ᠭᠠᠵᠠᠷ | 1. ᠪᠠᠶᠢᠭᠠᠯᠢ ᠶᠢᠨ ᠣᠶᠢᠲᠤ ᠭᠠᠵᠠᠷ᠂ ᠨᠤᠲᠠᠯᠠᠭ᠎ᠠ ᠦᠭᠡᠢ ᠨᠡᠶᠢᠲᠡ ᠶᠢᠨ ᠠᠰᠠᠷᠠᠮᠵᠢ ᠶᠢᠨ ᠣᠶᠢᠲᠤ ᠭᠠᠵᠠᠷ᠂ ᠣᠶᠢᠲᠤ | ᠭᠠᠵᠠᠷ ᠤᠨ ᠬᠠᠮᠠᠭᠠᠯᠠᠯᠲᠠ ᠶᠢᠨ ᠵᠡᠷᠭᠡ ᠳᠡᠰ ᠨᠢⅠ ᠳᠡᠰ ᠤᠨ ᠣᠶᠢᠲᠤ ᠭᠠᠵᠠᠷ ᠢ ᠠᠰᠢᠭᠯᠠᠨ ᠣᠢ ᠶᠢᠨ ᠬᠤᠷᠮᠣᠢ ᠳᠤ | ᠲᠠᠷᠢᠬᠤ ᠠᠵᠢᠯᠯᠠᠭ᠎ᠠ ᠶᠢ ᠴᠠᠭᠠᠵᠠᠯᠠᠨ᠎ᠠ᠃ | 2. ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠳᠣᠲᠣᠷᠠᠬᠢ ᠣᠶᠢᠲᠤ ᠭᠠᠵᠠᠷ ᠢ ᠠᠰᠢᠭᠯᠠᠨ ᠣᠢ ᠶᠢᠨ | ᠬᠤᠷᠮᠣᠢ ᠳᠤ ᠲᠠᠷᠢᠬᠤ ᠠᠵᠢᠯᠯᠠᠭ᠎ᠠ ᠶᠢ ᠴᠠᠭᠠᠵᠠᠯᠠᠨ᠎ᠠ᠃ | 3. ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠬᠡᠪᠴᠢᠶᠡᠨ ᠳᠠᠬᠢ ᠣᠶᠢᠲᠤ | ᠭᠠᠵᠠᠷ ᠢ ᠠᠰᠢᠭᠯᠠᠨ ᠣᠢ ᠶᠢᠨ ᠬᠤᠷᠮᠣᠢ ᠳᠤ ᠲᠠᠷᠢᠬᠤ ᠠᠵᠢᠯᠯᠠᠭ᠎ᠠ ᠶᠢ ᠴᠠᠭᠠᠵᠠᠯᠠᠨ᠎ᠠ᠃ | 4. ᠬᠤᠪᠣᠷ ᠴᠤᠬᠠᠭ ᠤᠰᠠᠳᠬᠤ ᠰᠢᠬᠠᠭᠰᠠᠨ ᠬᠡᠭᠡᠷ᠎ᠡ ᠶᠢᠨ ᠠᠮᠢᠲᠠᠨ ᠤᠷᠭᠤᠮᠠᠯ ᠤᠨ ᠴᠢᠬᠤᠯᠠ ᠣᠷᠣᠰᠢᠨ | ᠠᠮᠢᠳᠤᠷᠠᠬᠤ ᠭᠠᠵᠠᠷ ︵ᠠᠮᠢᠳᠤᠷᠠᠯ ᠤᠨ ᠣᠷᠴᠢᠨ︶ ᠵᠢᠴᠢ ᠠᠮᠢᠳᠤ ᠪᠣᠳᠠᠰ ᠤᠨ ᠬᠤᠩᠭᠢᠯ ᠤᠨ ᠳᠣᠲᠣᠷᠠᠬᠢ ᠣᠶᠢᠲᠤ | ᠭᠠᠵᠠᠷ ᠢ ᠠᠰᠢᠭᠯᠠᠨ ᠣᠢ ᠶᠢᠨ ᠬᠤᠷᠮᠣᠢ ᠳᠤ ᠲᠠᠷᠢᠬᠤ ᠠᠵᠢᠯᠯᠠᠭ᠎ᠠ ᠶᠢ ᠴᠠᠭᠠᠵᠠᠯᠠᠨ᠎ᠠ᠃ | 5. ᠬᠠᠤᠯᠢ ᠲᠣᠭᠲᠠᠭᠠᠯ ᠳᠤ ᠲᠣᠭᠲᠠᠭᠠᠭᠰᠠᠨ ᠪᠣᠰᠤᠳ ᠣᠢ ᠶᠢᠨ ᠬᠤᠷᠮᠣᠢ ᠳᠤ ᠲᠠᠷᠢᠬᠤ ᠶᠢ ᠴᠠᠭᠠᠵᠠᠯᠠᠬᠤ ᠣᠶᠢᠲᠤ | ᠭᠠᠵᠠᠷ᠃ | ︵ᠬᠤᠶᠠᠷ︶ ᠴᠠᠭᠠᠵᠠᠯᠠᠬᠤ ᠲᠠᠷᠢᠮᠠᠯ ᠤᠨ ᠵᠠᠭᠪᠤᠷ | 1. ︽ᠣᠢ ᠰᠢᠭᠤᠢ ᠠᠮᠤ ᠪᠤᠳᠠᠭ᠎ᠠ︾ ᠠᠯᠭᠠᠰᠠᠯᠠᠨ ᠲᠠᠷᠢᠬᠤ ᠵᠠᠭᠪᠤᠷ ᠢ ᠪᠦᠬᠦ ᠲᠠᠯ᠎ᠠ ᠪᠠᠷ ᠵᠣᠭᠰᠣᠭᠠᠵᠤ᠂ ᠵᠥᠪᠬᠡᠨ | ︽ᠣᠢ ᠰᠢᠭᠤᠢ ᠶᠢᠨ ᠬᠤᠭᠤᠷᠤᠨᠳᠤ ᠡᠮ ᠤᠨ ᠮᠠᠲ᠋ᠧᠷᠢᠶᠠᠯ ᠲᠠᠷᠢᠬᠤ︾᠂ ︽ᠣᠢ ᠰᠢᠭᠤᠢ ᠶᠢᠨ ᠬᠤᠭᠤᠷᠣᠨᠳᠤ | ᠡᠪᠡᠰᠦ ᠲᠠᠷᠢᠬᠤ︾᠂ ︽ᠣᠢ ᠰᠢᠭᠤᠢ ᠶᠢᠨ ᠬᠤᠭᠤᠷᠣᠨᠳᠤ ᠮᠦᠭᠦ ᠶᠢᠨ ᠲᠥᠷᠦᠯ ᠢ ᠲᠠᠷᠢᠬᠤ︾᠂ ︽ᠣᠢ | ᠰᠢᠭᠤᠢ ᠶᠢᠨ ᠬᠤᠭᠤᠷᠣᠨᠳᠤ ᠨᠣᠭᠤᠭ᠎ᠠ ᠲᠠᠷᠢᠬᠤ ︾ ︽ᠣᠢ ᠰᠢᠭᠤᠢ ᠶᠢᠨ ᠬᠤᠭᠤᠷᠣᠨᠲᠤ ᠵᠤᠯᠵᠠᠭ᠎ᠠ ᠮᠤᠳᠤ | ᠪᠣᠶᠢᠵᠢᠭᠤᠯᠬᠤ︾ ᠵᠡᠷᠭᠡ ᠨᠡᠶᠢᠯᠡᠮᠡᠯ ᠡᠵᠡᠩᠨᠡᠯᠲᠡ ᠶᠢᠨ ᠵᠠᠭᠪᠤᠷ ᠥᠷᠨᠢᠭᠦᠯᠬᠦ ᠶᠢ ᠵᠥᠪᠰᠢᠶᠡᠷᠡᠵᠦ᠂ ᠲᠠᠷᠢᠮᠠᠯ ᠤᠨ | ᠲᠥᠷᠥᠯ ᠵᠦᠢᠯ ᠢ ᠵᠠᠷᠴᠢᠮ ᠳᠡᠭᠡᠷ᠎ᠡ ᠪᠠᠨ ᠣᠯᠠᠨ ᠨᠠᠰᠤᠲᠤ ᠠᠵᠤ ᠠᠬᠤᠢ ᠶᠢᠨ ᠲᠠᠷᠢᠮᠠᠯ ᠢ ᠰᠣᠩᠭᠤᠨ᠎ᠠ᠃ | 2. ᠪᠤᠷᠴᠠᠭ ᠤᠨ ᠲᠥᠷᠦᠯ᠂ ᠠᠮᠤ ᠪᠣᠳᠠᠭᠠᠨ ᠤ ᠲᠦᠷᠥᠯ ᠵᠡᠷᠭᠡ ᠶᠢ ᠪᠠᠭᠳᠠᠭᠠᠭᠰᠠᠨ ᠠᠯᠢᠪᠠ ᠠᠮᠤ ᠪᠤᠳᠠᠭ᠎ᠠ | ᠲᠣᠰᠤᠨ ᠤ ᠲᠠᠷᠢᠮᠠᠯ ᠲᠠᠷᠢᠬᠤ ᠶᠢ ᠴᠢᠩᠭ᠎ᠠ ᠴᠠᠭᠠᠵᠠᠯᠠᠨ᠎ᠠ᠃ | 3. ᠬᠥᠷᠥᠰᠥ ᠰᠢᠷᠣᠢ ᠠᠮᠠᠷᠬᠠᠨ ᠢᠳᠡᠭᠳᠡᠬᠦ᠂ ᠠᠮᠠᠷᠬᠠᠨ ᠡᠯᠡᠰᠤᠷᠬᠡᠭᠵᠢᠬᠦ ᠠᠵᠤ ᠠᠬᠤᠢ ᠶᠢᠨ ᠲᠠᠷᠢᠮᠠᠯ ᠲᠠᠷᠢᠬᠤ ᠶᠢ | ᠴᠢᠩᠭ᠎ᠠ ᠴᠠᠭᠠᠵᠠᠯᠠᠨ᠎ᠠ᠂ ᠵᠢᠱᠢᠶᠡᠯᠡᠪᠡᠯ᠂ ᠯᠣᠬᠠᠱᠧᠩ᠂ ᠲᠠᠷᠪᠤᠰ᠂ ᠰᠢᠬᠢᠷ ᠯᠤᠤᠪᠠᠩ᠂ ᠲᠥᠮᠥᠰᠥ ᠵᠡᠷᠭᠡ᠃ | 4. ᠣᠢ ᠰᠢᠭᠤᠢ ᠶᠢᠨ ᠰᠠᠯᠬᠢ ᠨᠡᠪᠲᠡᠷᠡᠨ ᠭᠡᠷᠡᠯ ᠲᠣᠰᠬᠤ ᠶᠢ ᠨᠥᠯᠥᠭᠡᠯᠡᠬᠦ ᠥᠨᠳᠥᠷ ᠡᠰᠢᠲᠦ ᠲᠠᠷᠢᠮᠠᠯ ᠲᠠᠷᠢᠬᠤ ᠶᠢ | ᠴᠢᠩᠭ᠎ᠠ ᠴᠠᠭᠠᠵᠠᠯᠠᠨ᠎ᠠ᠂ ᠵᠢᠱᠢᠶᠡᠯᠡᠪᠡᠯ᠄ ᠬᠦᠭᠡ ᠳᠠᠷᠤᠰᠢ ᠶᠢᠨ ᠲᠠᠷᠢᠮᠠᠯ ᠂ ᠨᠡᠷᠡᠨ ᠬᠤᠸᠠᠷ ᠵᠡᠷᠭᠡ᠃ | 5. ᠭᠦᠨ ᠣᠷᠪᠠᠭᠤᠯᠵᠤ ᠭᠦᠨ ᠬᠠᠭᠠᠯᠪᠣᠷᠢᠯᠠᠵᠤ᠂ ᠣᠶᠢᠲᠤ ᠭᠠᠵᠠᠷ ᠪᠠ ᠣᠢ ᠮᠣᠳᠣᠨ ᠤ ᠦᠨᠳᠦᠰᠦᠨ ᠤ | ᠰᠢᠰᠲ᠋ᠧᠮ ᠢ ᠡᠪᠳᠡᠬᠦ ᠠᠵᠤ ᠠᠬᠤᠢ ᠶᠢᠨ ᠲᠠᠷᠢᠮᠠᠯ ᠲᠠᠷᠢᠬᠤ ᠶᠢ ᠴᠢᠩᠭ᠎ᠠ ᠴᠠᠭᠠᠵᠠᠯᠠᠨ᠎ᠠ᠃ | 6. ᠠᠮᠢ ᠠᠬᠤᠢ ᠣᠷᠴᠢᠨ ᠲᠣᠭᠤᠷᠢᠨ ᠤ ᠠᠮᠤᠷ ᠲᠥᠪᠰᠢᠨ ᠢ ᠬᠤᠬᠢᠷᠠᠭᠤᠯᠬᠤ ᠬᠦᠨᠦᠭᠡᠯᠲᠡᠢ ᠪᠤᠳᠠᠰ ᠤᠨ ᠲᠥᠷᠦᠯ ᠢ | ᠲᠠᠷᠢᠬᠤ ᠶᠢ ᠴᠢᠩᠭ᠎ᠠ ᠴᠠᠭᠠᠵᠠᠯᠠᠨ᠎ᠠ᠃ | 7. ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠳᠤ ᠪᠣᠰᠣᠳ ᠲᠣᠭᠲᠠᠭᠠᠯ ᠱᠠᠭᠠᠷᠳᠠᠯᠭ᠎ᠠ ᠲᠠᠢ ᠪᠠᠶᠢᠪᠠᠯ ᠲᠡᠷᠡ | ᠲᠣᠭᠲᠠᠭᠠᠯ ᠱᠠᠭᠠᠷᠳᠠᠯᠭ᠎ᠠ ᠶᠣᠰᠣᠭᠠᠷ ᠬᠡᠷᠡᠭᠵᠢᠭᠦᠯᠦᠨ᠎ᠡ᠃ | ︵ᠭᠤᠷᠪᠠ︶ ᠬᠠᠤᠯᠢ ᠶᠢᠨ ᠬᠠᠷᠢᠴᠠᠭᠤᠯᠭ᠎ᠠ | ᠲᠣᠭᠲᠠᠭᠠᠯ ᠱᠠᠭᠠᠷᠳᠠᠯᠭ᠎ᠠ ᠠᠴᠠ ᠵᠦᠷᠢᠴᠡᠨ ᠣᠢ ᠶᠢᠨ ᠬᠤᠷᠮᠣᠢ ᠳᠤ ᠲᠠᠷᠢᠭᠰᠠᠨ ᠪᠣᠯ᠂ ᠬᠤᠯᠪᠣᠭᠳᠠᠯ ᠪᠦᠬᠦᠢ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ ᠬᠢᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠢ ᠰᠢᠭᠤᠢ ᠶᠢᠨ | ᠬᠠᠤᠯᠢ︾ ᠶᠢᠨ ᠳᠠᠯᠠᠨ ᠳᠥᠷᠪᠡᠳᠦᠭᠡᠷ ᠵᠦᠢᠯ ᠤᠨ ᠨᠢᠭᠡᠳᠦᠭᠡᠷ ᠵᠤᠷᠪᠤᠰ ᠲᠤ᠄ ︽ᠲᠤᠰ ᠬᠠᠤᠯᠢ ᠶᠢᠨ | ᠲᠣᠭᠲᠠᠭᠠᠯ ᠠᠴᠠ ᠵᠥᠷᠢᠴᠡᠨ᠂ ᠭᠠᠵᠠᠷ ᠬᠠᠭᠠᠯᠪᠦᠷᠢᠯᠠᠭᠰᠠᠨ᠂ ᠴᠢᠯᠠᠭᠤ ᠭᠠᠷᠭᠠᠭᠰᠠᠨ᠂ ᠬᠠᠶᠢᠷ ᠴᠢᠯᠠᠭᠤ ᠠᠪᠣᠭᠰᠠᠨ᠂ | ᠰᠢᠷᠦᠢ ᠮᠠᠯᠳᠠᠭᠰᠠᠨ ᠪᠣᠶᠣ ᠪᠣᠰᠣᠳ ᠠᠵᠢᠯᠯᠠᠭ᠎ᠠ ᠪᠠᠷ ᠣᠢ ᠮᠣᠳᠦ ᠶᠢ ᠡᠪᠳᠡᠭᠰᠡᠨ ᠪᠣᠯ ᠰᠢᠶᠠᠨ ᠤ ᠲᠡᠰ ᠠᠴᠠ | ᠲᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠢ ᠰᠢᠭᠤᠢ ᠶᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ | ᠬᠠᠣᠯᠢ ᠠᠴᠠ ᠵᠦᠷᠢᠴᠡᠭᠰᠡᠨ ᠠᠵᠢᠯᠯᠠᠭ᠎ᠠ ᠶᠢ ᠵᠠᠷᠯᠢᠭᠳᠠᠨ ᠵᠣᠭᠰᠣᠭᠠᠵᠣ᠂ ᠲᠣᠭᠳᠠᠭᠰᠠᠨ ᠬᠤᠭᠤᠴᠠᠭᠠᠨ ᠤ | ᠲᠣᠳᠣᠷ᠎ᠠ ᠣᠣᠯ ᠭᠠᠵᠠᠷ ᠪᠣᠶᠣ ᠣᠨᠳᠣᠣ ᠭᠠᠵᠠᠷ ᠲᠤ ᠡᠪᠳᠡᠭᠳᠡᠭᠰᠡᠨ ᠣᠢ ᠮᠣᠳᠦ ᠶᠢᠨ ᠨᠢᠭᠡ ᠳᠠᠬᠢᠨ ᠠᠴᠠ ᠳᠡᠭᠡᠭᠰᠢ | ᠭᠤᠷᠪᠠᠨ ᠲᠠᠬᠢᠨ ᠠᠴᠠ ᠲᠣᠷᠣᠭᠰᠢ ᠮᠣᠳᠦ ᠨᠦᠬᠦᠨ ᠲᠠᠷᠢᠭᠤᠯᠵᠣ᠂ ᠡᠪᠳᠡᠭᠳᠡᠭᠰᠡᠨ ᠣᠢ ᠮᠣᠳᠣᠨ ᠤ ᠦᠨ᠎ᠡ ᠬᠠᠩᠰᠢ | ᠶᠢᠨ ᠲᠠᠪᠣᠨ ᠲᠠᠬᠢᠨ ᠠᠴᠠ ᠲᠣᠷᠣᠭᠰᠢ ᠵᠣᠭᠤᠰ ᠢᠶᠠᠷ ᠲᠣᠷᠭᠠᠵᠣ ᠪᠣᠯᠣᠨ᠎ᠠ︔ ᠣᠶᠢᠲᠤ ᠭᠠᠵᠠᠷ ᠢ ᠡᠪᠳᠡᠭᠰᠡᠨ ᠪᠣᠯ | ᠰᠢᠶᠠᠨ ᠤ ᠲᠡᠰ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠢ ᠰᠢᠭᠤᠢ ᠶᠢ ᠭᠤᠣᠯᠯᠠᠨ ᠬᠠᠮᠢᠶᠠᠷᠬᠤ | ᠰᠠᠯᠠᠭ᠎ᠠ ᠮᠦᠴᠢᠷ ᠠᠴᠠ ᠬᠠᠣᠯᠢ ᠠᠴᠠ ᠵᠦᠷᠢᠴᠡᠭᠰᠡᠨ ᠠᠵᠢᠯᠯᠠᠭ᠎ᠠ ᠶᠢ ᠵᠠᠷᠯᠢᠭᠳᠠᠨ ᠵᠣᠭᠰᠣᠭᠠᠵᠣ᠂ ᠲᠣᠭᠳᠠᠭᠰᠠᠨ | ᠬᠤᠭᠤᠴᠠᠭᠠᠨ ᠲᠣᠳᠣᠷ᠎ᠠ ᠡᠪᠳᠡᠭᠳᠡᠭᠰᠡᠨ ᠣᠷᠭᠤᠮᠠᠯ ᠤᠨ ᠬᠤᠴᠢᠯᠭ᠎ᠠ ᠪᠣᠯᠣᠨ ᠣᠢ ᠰᠢᠭᠤᠢ ᠶᠢᠨ ᠣᠶᠢᠯᠠᠳᠪᠦᠷᠢᠯᠠᠯ | ᠤᠨ ᠨᠦᠭᠦᠴᠡᠯ ᠢ ᠰᠡᠷᠭᠦᠭᠡᠯᠭᠡᠵᠣ᠂ ᠣᠷᠭᠤᠮᠠᠯ ᠤᠨ ᠬᠤᠴᠢᠯᠭ᠎ᠠ ᠪᠣᠯᠣᠨ ᠣᠢ ᠰᠢᠭᠤᠢ ᠶᠢᠨ ᠣᠶᠢᠯᠠᠳᠪᠦᠷᠢᠯᠠᠯ ᠤᠨ | ᠨᠦᠬᠦᠴᠡᠯ ᠢ ᠰᠡᠷᠭᠦᠭᠡᠬᠦ ᠳᠤ ᠬᠡᠷᠡᠭᠯᠡᠭᠦ ᠵᠠᠷᠣᠳᠠᠯ ᠤᠨ ᠭᠤᠷᠪᠠᠨ ᠲᠠᠬᠢᠨ ᠠᠴᠠ ᠲᠣᠷᠣᠭᠰᠢ ᠵᠣᠭᠤᠰ ᠢᠶᠠᠷ ᠲᠣᠷᠭᠠᠬᠤ︾ | ᠪᠠᠷ ᠰᠢᠢᠳᠭᠡᠨ᠎ᠡ᠃ ᠦᠢᠯᠡ ᠠᠵᠢᠯᠯᠠᠭ᠎ᠠ ᠨᠢ ᠬᠦᠨᠳᠦ ᠨᠣᠴᠢᠲᠠᠶ ᠨᠢᠭᠡᠨᠲᠡ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠬᠤᠯᠪᠣᠭᠳᠠᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ | ᠶᠣᠰᠣᠭᠠᠷ ᠰᠢᠢᠳᠪᠦᠷᠢᠯᠡᠨ᠎ᠡ᠃ | ᠨᠠᠮ ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ ᠳᠥᠷᠢᠮ ᠲᠣᠭᠲᠠᠭᠠᠯ ᠠᠴᠠ ᠵᠦᠷᠢᠴᠡᠵᠦ ᠲᠠᠷᠢᠭᠰᠠᠨ ᠦᠢᠯᠡ | ᠠᠵᠢᠯᠯᠠᠭ᠎ᠠ ᠶᠢ ᠦᠮᠦᠭᠯᠡᠵᠦ᠂ ᠳᠤᠷ᠎ᠠ ᠪᠠᠷ ᠨᠢ ᠲᠠᠯᠪᠢᠵᠤ᠂ ᠣᠷᠣᠯᠴᠠᠪᠠᠯ ᠬᠠᠮᠢᠶ᠎ᠠ ᠪᠦᠬᠦᠢ ᠲᠣᠭᠲᠠᠭᠠᠯ ᠶᠣᠰᠣᠭᠠᠷ | ᠴᠢᠩᠭ᠎ᠠ ᠰᠢᠢᠳᠪᠦᠷᠢᠯᠡᠨ᠎ᠡ᠃ | ᠬᠤᠶᠠᠷ᠂ ᠨᠤᠲᠤᠭ ᠪᠡᠯᠴᠢᠭᠡᠷ ᠤᠨ ᠲᠥᠷᠥᠯ | ︵ᠨᠢᠭᠡ︶ ᠨᠤᠲᠤᠭ ᠪᠡᠯᠴᠢᠭᠡᠷ ᠢ ᠬᠠᠣᠯᠢ ᠪᠤᠰᠤ ᠪᠠᠷ ᠡᠵᠡᠯᠡᠨ ᠬᠡᠷᠡᠭᠯᠡᠬᠦ | ︽ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠡᠷᠡᠭᠦᠦ ᠶᠢᠨ ᠬᠡᠷᠡᠭ ᠢ ᠰᠢᠭᠦᠬᠦ ᠳᠤ ᠬᠡᠷᠡᠭᠯᠡᠬᠦ ᠬᠠᠤᠯᠢ | ᠴᠠᠭᠠᠵᠠ ᠶᠢᠨ ᠠᠰᠠᠭᠤᠳᠠᠯ ᠤᠨ ᠲᠤᠬᠠᠶ ᠠᠷᠠᠳ ᠤᠨ ᠳᠡᠭᠡᠳᠦ ᠰᠢᠭᠦᠬᠦ ᠬᠤᠷᠢᠶᠠᠨ ᠤ ᠲᠠᠶᠢᠯᠪᠤᠷᠢᠯᠠᠯᠲᠠ︾ ᠶᠢ | ᠦᠨᠳᠦᠰᠦᠯᠡᠪᠡᠯ᠂ ᠳᠠᠷᠠᠭᠠᠬᠢ ᠦᠢᠯᠡ ᠠᠵᠢᠯᠯᠠᠭ᠎ᠠ ᠨᠤᠭᠤᠳ ᠢ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ | ᠪᠤᠰᠤ ᠪᠠᠷ ᠡᠵᠡᠯᠡᠨ ᠬᠡᠷᠡᠭᠯᠡᠭᠰᠡᠨ ᠶᠠᠯ᠎ᠠ ᠪᠠᠷ ᠶᠠᠯ᠎ᠠ ᠲᠣᠭᠲᠠᠭᠠᠵᠤ ᠰᠢᠢᠳᠬᠡᠨ᠎ᠡ᠄ | 1. ᠨᠤᠲᠤᠭ ᠪᠡᠯᠴᠢᠭᠡᠷ ᠢ ᠬᠠᠭᠠᠯᠪᠦᠷᠢᠯᠠᠵᠦ ᠠᠮᠤ ᠪᠤᠳᠠᠭ᠎ᠠ᠂ ᠠᠵᠤ ᠠᠬᠤᠢ ᠶᠢᠨ ᠲᠠᠷᠢᠮᠠᠯ᠂ ᠣᠢ ᠮᠣᠳᠣ ᠲᠠᠷᠢᠬᠤ᠃ | 2. ᠨᠤᠲᠤᠭ ᠪᠡᠯᠴᠢᠭᠡᠷ ᠳᠡᠭᠡᠷ᠎ᠡ ᠵᠣᠭᠤᠷᠢᠯᠠᠬᠤ᠂ ᠭᠡᠷ ᠪᠠᠷᠢᠬᠤ᠂ ᠵᠠᠮ ᠵᠠᠰᠠᠬᠤ᠂ ᠬᠠᠶᠢᠷ ᠴᠢᠯᠠᠭᠤ ᠠᠪᠬᠤ᠂ ᠴᠢᠯᠠᠭᠤ | ᠭᠠᠷᠭᠠᠬᠤ᠂ ᠠᠭᠤᠷᠬᠠᠢ ᠮᠠᠯᠲᠠᠬᠤ᠂ ᠰᠢᠷᠣᠶ ᠠᠪᠬᠤ᠂ ᠵᠦᠯᠭᠡ ᠶᠢ ᠨᠢ ᠡᠪᠳᠡᠬᠦ᠃ | 3. ᠨᠤᠲᠤᠭ ᠪᠡᠯᠴᠢᠭᠡᠷ ᠳᠡᠭᠡᠷ᠎ᠡ ᠬᠠᠶᠠᠭᠳᠠᠮᠠᠯ ᠪᠣᠳᠠᠰ ᠢ ᠣᠪᠤᠭᠠᠯᠠᠬᠤ ᠪᠤᠶᠤ ᠭᠠᠳᠠᠭᠰᠢᠯᠠᠭᠤᠯᠵᠤ᠂ ᠨᠤᠲᠤᠭ | ᠪᠡᠯᠴᠢᠭᠡᠷ ᠤᠨ ᠤᠤᠯ ᠤᠨ ᠤᠷᠭᠤᠮᠠᠯ ᠤᠨ ᠬᠤᠴᠢᠯᠭ᠎ᠠ ᠶᠢ ᠬᠦᠨᠳᠦ ᠨᠣᠴᠢᠲᠠᠶ ᠡᠪᠳᠡᠭᠰᠡᠨ᠂ ᠬᠦᠨᠳᠦ ᠨᠣᠴᠢᠲᠠᠶ | ᠪᠣᠬᠢᠷᠳᠤᠭᠤᠯᠤᠭᠰᠠᠨ᠃ | 4. ᠨᠤᠲᠤᠭ ᠪᠡᠯᠴᠢᠭᠡᠷ ᠢ ᠬᠠᠮᠠᠭᠠᠯᠠᠬᠤ᠂ ᠪᠦᠲᠦᠭᠡᠨ ᠪᠠᠶᠢᠭᠤᠯᠬᠤ᠂ ᠠᠰᠢᠭᠯᠠᠬᠤ ᠲᠥᠯᠥᠪᠵᠢᠭᠦᠯᠭᠡ ᠠᠴᠠ ᠵᠥᠷᠢᠴᠡᠨ | ᠡᠪᠡᠰᠦ ᠪᠣᠷᠳᠣᠭᠠᠨ ᠤ ᠲᠠᠷᠢᠮᠠᠯ ᠲᠠᠷᠢᠵᠤ᠂ ᠨᠤᠲᠤᠭ ᠪᠡᠯᠴᠢᠭᠡᠷ ᠢ ᠡᠯᠡᠰᠦᠷᠬᠡᠭᠵᠢᠭᠦᠯᠦᠭᠰᠡᠨ ᠪᠤᠶᠤ ᠬᠥᠷᠥᠰᠥ | ᠰᠢᠷᠣᠶ ᠶᠢ ᠬᠦᠨᠳᠦ ᠨᠣᠴᠢᠲᠠᠶ ᠢᠳᠡᠭᠳᠡᠭᠦᠯᠦᠭᠰᠡᠨ᠃ | 5. ᠪᠤᠰᠤᠳ ᠨᠤᠲᠤᠭ ᠪᠡᠯᠴᠢᠭᠡᠷ ᠢ ᠬᠦᠨᠳᠦ ᠨᠣᠴᠢᠲᠠᠢ ᠡᠪᠳᠡᠭᠰᠡᠨ ᠪᠠᠶᠢᠳᠠᠯ᠃ | ᠬᠠᠤᠯᠢ ᠶᠢᠨ ᠦᠷ᠎ᠡ ᠳ᠋ᠦ᠋ᠩ᠄ ᠲᠠᠪᠤᠨ ᠵᠢᠯ ᠠᠴᠠ ᠳᠣᠷᠤᠭᠰᠢ ᠬᠤᠭᠤᠴᠠᠭ᠎ᠠ ᠲᠠᠢ ᠬᠤᠷᠢᠬᠤ ᠪᠤᠶᠤ ᠬᠤᠷᠢᠵᠤ | ᠬᠥᠳᠡᠯᠮᠦᠷᠢᠯᠡᠭᠦᠯᠬᠦ ᠪᠠᠷ ᠰᠢᠢᠳᠬᠡᠵᠦ᠂ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠬᠦ ᠪᠤᠶᠤ ᠳᠠᠩ ᠢᠶᠠᠷ | ᠰᠢᠢᠳᠬᠡᠨ᠎ᠡ᠃ | ᠨᠠᠮ ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠠᠭᠠᠯᠪᠤᠷᠢᠯᠠᠬᠤ᠂ | ᠡᠵᠡᠯᠡᠨ ᠬᠡᠷᠡᠭᠯᠡᠬᠦ ᠵᠡᠷᠭᠡ ᠬᠠᠤᠯᠢ ᠳᠦᠷᠢᠮ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠥᠮᠦᠭᠯᠡᠬᠦ ᠂ ᠳᠤᠷ᠎ᠠ ᠪᠠᠷ | ᠨᠢ ᠲᠠᠯᠪᠢᠬᠤ᠂ ᠣᠷᠤᠯᠴᠠᠬᠤ ᠳᠤ ᠬᠦᠷᠪᠡᠯ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠨ᠎ᠡ᠃ | ︵ᠬᠤᠶᠠᠷ︶ ᠪᠡᠯᠴᠢᠭᠡᠷᠯᠡᠭᠦᠯᠬᠦ ᠶᠢ ᠵᠣᠭᠰᠣᠭᠠᠵᠦ ᠰᠡᠯᠭᠦᠨ ᠮᠠᠯᠵᠢᠬᠤ | ︽ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠡᠪᠡᠰᠦ ᠮᠠᠯ ᠢ ᠲᠡᠩᠴᠡᠭᠦᠷᠢ ᠲᠠᠢ | ᠪᠠᠶᠢᠯᠭᠠᠬᠤ ᠵᠢᠴᠢ ᠠᠮᠢ ᠠᠬᠤᠶ ᠶᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠲᠤᠬᠠᠶ | ᠮᠡᠳᠡᠭᠳᠡᠯ︾ ︵ᠵᠠᠷᠤᠳ ᠵᠠᠰᠠᠭ ᠠᠯᠪᠠᠨ ᠥᠰᠥᠭ︹2022︺49 ᠳ᠋ᠤᠭᠡᠷ ᠲᠣᠭᠠᠲᠤ︶ ᠤᠨ ᠲᠣᠭᠲᠠᠭᠠᠯ ᠢ | ᠦᠨᠳᠦᠰᠦᠯᠡᠨ᠂ ᠪᠥᠬᠦ ᠵᠢᠯ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ᠂ ᠤᠯᠠᠷᠢᠯ ᠤᠨ ᠴᠢᠨᠠᠷᠲᠠᠶ ᠰᠡᠯᠭᠦᠨ ᠮᠠᠯᠵᠢᠬᠤ᠂ | ᠡᠪᠡᠰᠦ ᠮᠠᠯ ᠢ ᠲᠡᠩᠴᠡᠭᠦᠷᠢ ᠲᠠᠢ ᠪᠠᠶᠢᠯᠭᠠᠬᠤ ᠣᠷᠣᠨ ᠵᠢᠴᠢ ᠬᠡᠰᠡᠭ ᠬᠡᠪᠴᠢᠶᠡᠨ ᠤ ᠴᠢᠨᠠᠷᠲᠠᠶ ᠪᠡᠯᠴᠢᠭᠡᠷᠯᠡᠭᠦᠯᠬᠦ ᠶᠢ | ᠴᠠᠭᠠᠵᠠᠯᠠᠬᠤ ᠣᠷᠣᠨ ᠤ ᠬᠤᠪᠢᠶᠠᠷᠢᠯᠠᠨ ᠲᠣᠭᠲᠠᠭᠠᠨᠰᠠᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠃ | 1. ᠪᠥᠬᠦ ᠬᠤᠰᠢᠭᠤᠨ ᠤ ᠪᠥᠬᠦ ᠵᠢᠯ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ︵23 ᠰᠤᠮᠤ ᠪᠠᠯᠭᠠᠰᠤ | ᠲᠠᠯᠠᠪᠠᠢ︶ ᠬᠢᠨ ᠪᠥᠬᠦ ᠵᠢᠯ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠴᠢᠩᠭ᠎ᠠ ᠬᠡᠷᠡᠭᠵᠢᠭᠦᠯᠦᠨ᠎ᠡ᠃ | 2. ᠪᠥᠬᠦ ᠬᠤᠰᠢᠭᠤᠨ ᠤ ᠡᠪᠡᠰᠦ ᠮᠠᠯ ᠢ ᠲᠡᠩᠴᠡᠭᠦᠷᠢ ᠲᠠᠢ ᠪᠠᠶᠢᠯᠭᠠᠬᠤ ᠣᠷᠣᠨ ︵8 ᠰᠤᠮᠤ ᠪᠠᠯᠭᠠᠰᠤ ᠲᠠᠯᠠᠪᠠᠢ︶ | ᠬᠢᠨ ᠪᠡᠯᠴᠢᠭᠡᠷᠯᠡᠭᠦᠯᠬᠦ ᠶᠢ ᠵᠣᠭᠰᠤᠭᠠᠬᠤ᠂ ᠰᠡᠯᠭᠦᠨ ᠮᠠᠯᠵᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ | ᠤᠯᠠᠷᠢᠯ ᠤᠨ ᠴᠢᠨᠠᠷᠲᠠᠶ ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭᠠᠨ ᠳᠤ᠂ ᠬᠠᠤᠯᠢ ᠲᠣᠭᠲᠠᠭᠠᠯ ᠠᠴᠠ | ᠵᠥᠷᠢᠴᠡᠨ ᠮᠠᠯ ᠮᠠᠯᠵᠢᠬᠤ ᠶᠢ ᠴᠢᠩᠭ᠎ᠠ ᠴᠠᠭᠠᠵᠠᠯᠠᠵᠤ᠂ ᠭᠠᠳᠠᠨ᠎ᠠ ᠠᠴᠠ ᠮᠠᠯ ᠤᠨᠤᠭ᠎ᠠ ᠣᠷᠣᠭᠤᠯᠬᠤ ᠶᠢ ᠬᠠᠤᠯᠢ | ᠲᠣᠭᠲᠠᠭᠠᠯ ᠶᠣᠰᠣᠭᠠᠷ ᠡᠷᠡᠰ ᠬᠤᠷᠢᠭᠯᠠᠬᠤ ᠬᠡᠷᠡᠭᠲᠡᠶ᠃ | 3. ᠪᠥᠬᠦ ᠬᠤᠰᠢᠭᠤᠨ ᠤ ᠬᠡᠰᠡᠭ ᠭᠠᠵᠠᠷ ᠤᠨ ᠴᠢᠨᠠᠷᠲᠠᠶ ᠪᠥᠬᠦ ᠵᠢᠯ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ | ᠣᠷᠣᠨ ᠬᠢᠨ ᠪᠣᠶ ᠪᠥᠬᠦᠶ ᠬᠤᠨᠢ ᠢᠮᠠᠭ᠎ᠠ᠂ ᠮᠣᠷᠢ ᠂ ᠦᠬᠡᠷ ᠢ ᠪᠡᠯᠴᠢᠭᠡᠷᠯᠡᠭᠦᠯᠬᠦ ᠶᠢ ᠴᠠᠭᠠᠵᠠᠯᠠᠵᠤ᠂ ᠪᠣᠶ ᠪᠥᠬᠦᠶ | ᠡᠪᠡᠰᠤᠨ ᠲᠡᠵᠢᠭᠡᠯᠲᠦ ᠭᠡᠷ ᠤᠨ ᠮᠠᠯ ᠤᠨᠤᠭ᠎ᠠ ᠶᠢ ᠴᠥᠮ ᠪᠡᠯᠴᠢᠭᠡᠷᠯᠡᠭᠦᠯᠬᠦ ᠶᠢ ᠴᠠᠭᠠᠵᠠᠯᠠᠵᠤ ᠬᠠᠰᠢᠶᠠᠯᠠᠨ ᠲᠡᠵᠢᠭᠡᠨ᠎ᠡ᠃ | | ᠲᠣᠭᠲᠠᠭᠠᠯ ᠠᠴᠠ ᠵᠥᠷᠢᠴᠡᠭᠰᠡᠨ ᠦᠷ᠎ᠡ ᠳ᠋ᠦᠩ᠄ ᠬᠢᠨᠠᠨ ᠲᠣᠭᠲᠠᠭᠠᠭᠰᠠᠨ ᠪᠡᠯᠴᠢᠭᠡᠷ ᠤᠨ | ᠪᠠᠭᠲᠠᠭᠠᠮᠵᠢ ᠠᠴᠠ ᠬᠡᠲᠦᠷᠡᠭᠦᠯᠦᠨ ᠮᠠᠯᠵᠢᠪᠠᠯ᠂ ᠰᠤᠮᠤ ᠪᠠᠯᠭᠠᠰᠦᠨ ᠤ ᠠᠷᠠᠳ ᠤᠨ ᠵᠠᠰᠠᠭ ᠤᠨ ᠣᠷᠳᠣᠨ ᠠᠴᠠ | ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ︔ ᠬᠤᠭᠤᠴᠠᠭ᠎ᠠ ᠶᠢ ᠨᠢ ᠥᠩᠭᠡᠷᠡᠲᠡᠯ᠎ᠡ | ᠵᠠᠯᠠᠷᠠᠭᠤᠯᠬᠤ ᠦᠭᠡᠢ ᠪᠣᠯ ᠳᠠᠭᠠᠭᠠᠴᠠ ᠠᠴᠠ ᠬᠡᠲᠦᠷᠡᠭᠰᠡᠨ ᠬᠤᠨᠢ ᠨᠢᠭᠡᠴᠢ ᠪᠦᠷᠢ ᠶᠢ 100 ᠲᠥᠭᠦᠷᠢᠭ | ᠵᠣᠭᠤᠰ ᠢᠶᠠᠷ ᠲᠣᠷᠭᠠᠨ᠎ᠠ᠃ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠪᠦᠰᠡ ᠪᠤᠶᠤ ᠪᠡᠯᠴᠢᠭᠡᠷ ᠰᠡᠷᠭᠦᠭᠡᠬᠦ | ᠬᠤᠭᠤᠴᠠᠭᠠᠨ ᠳᠤ ᠮᠠᠯᠵᠢᠪᠠᠯ᠂ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠨ | ᠵᠠᠯᠠᠷᠠᠭᠤᠯᠵᠤ᠂ ᠬᠠᠤᠯᠢ ᠠᠴᠠ ᠵᠥᠷᠢᠴᠡᠨ ᠮᠠᠯᠵᠢᠵᠤ ᠪᠠᠶᠢᠭ᠎ᠠ ᠬᠤᠨᠢ ᠨᠢᠭᠡᠴᠢ ᠪᠦᠷᠢ ᠶᠢ 120 ᠲᠥᠭᠦᠷᠢᠭ | ᠵᠣᠭᠤᠰ ᠢᠶᠠᠷ ᠲᠣᠷᠭᠠᠨ᠎ᠠ᠃ ᠡᠪᠡᠰᠦ ᠮᠠᠯ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ | ᠳᠦᠷᠢᠮ ᠢ ᠨᠠᠶᠢᠳᠠᠪᠦᠷᠢᠵᠢᠭᠤᠯᠬᠤ ᠦᠭᠡᠢ ᠪᠠᠶᠢᠵᠦ᠂ ᠡᠪᠡᠰᠦ ᠮᠠᠯ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ | ᠡᠪᠡᠰᠦ ᠮᠠᠯ ᠤᠨ ᠳᠠᠭᠠᠭᠠᠴᠠ ᠠᠴᠠ ᠬᠡᠲᠦᠷᠡᠭᠰᠡᠨ ᠨᠣᠷᠮ᠎ᠠ ᠨᠢ ᠵᠠᠭᠤᠨ ᠤ ᠠᠷᠪᠠ ᠠᠴᠠ ᠬᠡᠲᠦᠷᠡᠭᠰᠡᠨ ᠪᠤᠶᠤ | ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠬᠤᠶᠠᠷ ᠤᠳᠠᠭ᠎ᠠ ᠠᠴᠠ ᠳᠡᠭᠡᠭᠰᠢ ᠮᠠᠯᠵᠢᠪᠠᠯ᠂ ᠨᠤᠲᠤᠭ ᠪᠡᠯᠴᠢᠭᠡᠷ ᠤᠨ | ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠪᠡᠯᠡ ᠮᠦᠩᠬᠦ ᠣᠯᠭᠤᠬᠤ ᠦᠭᠡᠢ᠃ | ᠨᠠᠮ ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ ᠲᠣᠭᠲᠠᠭᠠᠯ ᠠᠴᠠ ᠵᠦᠷᠢᠴᠡᠨ ᠮᠠᠯᠵᠢᠬᠤ ᠵᠡᠷᠭᠡ ᠳᠦᠷᠢᠮ | ᠲᠣᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠦᠮᠦᠭᠯᠡᠬᠦ᠂ ᠳᠤᠷ᠎ᠠ ᠪᠠᠷ ᠨᠢ ᠲᠠᠯᠪᠢᠬᠤ᠂ ᠣᠷᠣᠯᠴᠠᠬᠤ ᠳᠤ | ᠬᠦᠷᠪᠡᠯ ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠨ᠎ᠡ᠃ | | ᠲᠤᠮᠳᠠᠳᠤ ᠤᠯᠤᠰ ᠤᠨ ᠡᠪ ᠬᠠᠮᠳᠤ ᠨᠠᠮ ᠤᠨ ᠵᠠᠷᠤᠳ ᠬᠤᠰᠢᠭᠤᠨ ᠤ ᠬᠤᠷᠢᠶ᠎ᠠ | ᠶᠢᠨ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ | | | ᠲᠤᠮᠳᠠᠳᠤ ᠤᠯᠤᠰ ᠤᠨ ᠡᠪ ᠬᠠᠮᠳᠤ ᠨᠠᠮ ᠤᠨ ᠵᠠᠷᠤᠳ ᠬᠤᠰᠢᠭᠤᠨ ᠤ ᠬᠤᠷᠢᠶ᠎ᠠ | ᠶᠢᠨ ᠤᠬᠠᠭᠤᠯᠬᠤ ᠬᠡᠯᠳᠡᠰ | | ᠵᠠᠷᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | | | ᠵᠠᠷᠤᠳ ᠬᠤᠰᠢᠭᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ | | | ᠵᠠᠷᠤᠳ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ | | | ᠵᠠᠷᠤᠳ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ | | 2024 ᠣᠨ ᠤ 12 ᠰᠠᠷ᠎ᠠ ᠶᠢᠨ 1 ᠤ ᠡᠳᠦᠷ | |