| 12 ᠰᠠᠷ᠎ᠠ ᠶᠢᠨ 10 ᠤ ᠡᠳᠦᠷ᠂ ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠲᠢᠶᠠᠨ ᠴᠧᠨ ᠭᠤᠸᠠᠩ ᠵᠠᠷᠤᠳ ᠬᠤᠰᠢᠭᠤᠨ ᠤ | ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ᠂ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ᠂ | ᠭᠠᠴᠠᠭ᠎ᠠ ᠲᠣᠰᠬᠤᠨ ᠤ ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠭᠦᠨᠵᠡᠭᠡᠶᠢᠷᠡᠵᠦ᠂ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ᠂ ᠶᠠᠳᠠᠭᠤ ᠠᠴᠠ ᠠᠩᠭᠢᠵᠢᠷᠠᠭᠤᠯᠣᠭᠰᠠᠨ ᠰᠢᠪᠲᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ | ᠵᠣᠯᠭᠠᠭᠤᠯᠬᠤ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ | ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠠᠩ ᠽᠢ ᠴᠢᠶᠠᠩ ᠪᠠᠷ᠎ᠠ ᠪᠣᠯᠪᠠ᠃ | ᠲᠢᠶᠠᠨ ᠴᠧᠨ ᠭᠤᠸᠠᠩ ᠴᠢᠬᠤᠯᠠᠴᠢᠯᠠᠭᠰᠠᠨ ᠨᠢ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ | ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ︽ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠵᠦ᠂ ᠨᠡᠶᠢᠭᠡᠮ ᠤᠨ | ᠲᠣᠭᠲᠠᠭᠤᠨ ᠢ ᠬᠠᠮᠠᠭᠠᠯᠠᠬᠤ︾ ᠲᠣᠰᠬᠠᠶᠢᠯᠠᠨ ᠵᠠᠰᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ | ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠵᠥᠷᠢᠴᠡᠯ | ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ᠂ ᠡᠬᠢᠨ ᠤ ᠦᠶ᠎ᠡ ᠳᠤᠨᠢ ᠰᠢᠢᠳᠪᠦᠷᠢᠯᠡᠬᠦ ᠶᠢ | ᠴᠢᠷᠮᠠᠶᠢᠨ ᠠᠬᠢᠭᠤᠯᠬᠤ ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ | ᠬᠦᠴᠦᠨ ᠢᠶᠠᠷ ᠢᠶᠠᠨ ᠰᠠᠶᠢᠲᠤᠷ ᠠᠳᠬᠤᠵᠤ᠂ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠭᠠᠴᠠᠭ᠎ᠠ | ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠨᠡᠮᠡᠭᠳᠡᠭᠦᠯᠬᠦ ᠰᠢᠨ᠎ᠡ ᠵᠠᠭᠪᠤᠷ ᠢ ᠢᠳᠡᠪᠬᠢᠲᠡᠶ ᠬᠠᠶᠢᠨ | ᠰᠦᠪᠡᠭᠴᠢᠯᠡᠵᠦ᠂ ᠨᠠᠷᠢᠯᠢᠭ ᠭᠦᠨᠵᠡᠭᠡᠶ ᠡᠳ᠋ᠰᠢᠭᠦᠯᠬᠦ ᠠᠵᠤ ᠦᠢᠯᠡᠰ ᠢ ᠪᠤᠶᠢᠵᠢᠭᠤᠯᠤᠨ᠂ ᠠᠵᠤ ᠦᠢᠯᠡᠰ ᠤᠨ ᠪᠦᠬᠦ | ᠬᠡᠯᠬᠢᠶ᠎ᠡ ᠶᠢ ᠨᠡᠪᠲᠡᠷᠡᠭᠦᠯᠵᠦ᠂ ᠠᠵᠤ ᠦᠢᠯᠡᠰ ᠤᠨ ᠨᠡᠮᠡᠯᠲᠡ ᠥᠷᠲᠡᠭ ᠢ ᠳᠡᠭᠡᠭᠰᠢᠯᠡᠭᠦᠯᠦᠨ᠂ ᠡᠬᠢ ᠪᠠᠶᠠᠯᠢᠭ ᠤᠨ | ᠳᠠᠪᠠᠭᠤᠯᠢᠭ ᠢ ᠠᠵᠤ ᠠᠬᠤᠶ ᠶᠢᠨ ᠳᠠᠪᠠᠭᠤᠯᠢᠭ ᠪᠠ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ | ᠬᠡᠷᠡᠭᠲᠡᠶ᠃ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠬᠢᠨ ᠶᠠᠳᠠᠭᠤᠷᠠᠬᠤ ᠶᠢ | ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠵᠦ᠂ ᠤᠯᠠᠨ | ᠲᠦᠮᠡᠨ ᠤ ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ | ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ | ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ | ᠬᠡᠷᠡᠭᠲᠡᠢ ᠭᠡᠪᠡ᠃ | |