| 12 ᠰᠠᠷ᠎ᠠ ᠶᠢᠨ 10 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠤᠤ ᠶᠠᠨ | ᠵᠢᠶᠦ᠋ᠨ ᠳ᠋ᠦᠩ ᠬᠤᠸᠠ ᠰᠢᠨᠵᠢᠯᠡᠭᠡ ᠮᠡᠷᠭᠡᠵᠢᠯ ᠤᠨ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ | ᠮᠡᠳᠡᠭᠴᠢᠳ ᠤᠨ ᠳᠠᠷᠤᠭ᠎ᠠ ᠯᠢ ᠯᠢ ᠰᠢᠨ ᠨᠠᠷ ᠲᠠᠢ ᠲᠦᠷᠦᠯ ᠵᠦᠢᠯ ᠤᠨ ᠠᠰᠢᠭᠯᠠᠯᠲᠠ ᠳᠤ ᠣᠷᠣᠵᠤ ᠡᠵᠡᠩᠨᠡᠭᠰᠡᠨ᠂ | ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠶᠠᠷᠢᠯᠴᠠᠨ ᠰᠣᠯᠢᠯᠴᠠᠪᠠ᠃ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ᠂ | ᠳᠡᠳ᠋ ᠬᠤᠰᠢᠭᠤᠨ ᠳᠠᠷᠤᠭ᠎ᠠ ᠢᠦᠶ ᠬᠠᠶ ᠪᠦᠦ ᠵᠢᠴᠢ ᠠᠵᠤ ᠠᠬᠤᠶᠢᠯᠠᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠ | ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠱᠤᠤ ᠶᠠᠨ ᠵᠢᠶᠦ᠋ᠨ ᠠᠵᠤ ᠠᠬᠤᠶᠢᠯᠠᠯ ᠬᠢᠨ ᠵᠠᠷᠤᠳ ᠬᠤᠰᠢᠭᠤᠨ ᠳᠤ ᠢᠷᠡᠵᠦ ᠪᠡᠯᠡ | ᠣᠷᠣᠭᠤᠯᠬᠤ ᠶᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠢᠯᠡᠷᠬᠡᠶᠢᠯᠡᠬᠦ ᠳᠡᠭᠡᠨ᠂ ᠵᠠᠷᠤᠳ | ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠡᠯᠪᠡᠭ ᠳᠡᠯᠪᠡᠭ᠂ ᠰᠠᠶᠢᠨ ᠰᠠᠶᠢᠬᠠᠨ ᠬᠥᠭᠵᠢᠯᠲᠡ ᠶᠢᠨ ᠰᠠᠭᠤᠷᠢ ᠲᠠᠢ | ᠶᠤᠮ᠃ ᠠᠵᠤ ᠠᠬᠤᠶᠢᠯᠠᠯ ᠤᠨ ᠳᠤᠷᠠᠳᠤᠭᠰᠠᠨ ᠪᠣᠳᠠᠲᠠᠶ ᠠᠰᠠᠭᠤᠳᠠᠯ ᠳᠤ ᠴᠢᠭᠯᠡᠭᠦᠯᠦᠨ᠂ ᠵᠠᠷᠤᠳ ᠬᠤᠰᠢᠭᠤ | ᠲᠤᠰᠬᠠᠶ ᠬᠥᠮᠦᠨ ᠢᠶᠠᠷ ᠬᠠᠷᠢᠭᠤᠴᠠᠭᠤᠯᠬᠤ ᠪᠠᠷ ᠲᠣᠳᠣᠷᠬᠠᠶᠢᠯᠠᠵᠤ᠂ ᠲᠥᠷᠥᠯ ᠵᠦᠢᠯ ᠤᠨ ᠡᠵᠡᠩᠨᠡᠯᠲᠡ ᠶᠢᠨ ᠳᠤᠮᠳᠠ | ᠣᠷᠣᠰᠢᠵᠤ ᠪᠠᠶᠢᠭ᠎ᠠ ᠠᠰᠠᠭᠤᠳᠠᠯ ᠢ ᠲᠥᠷᠥᠯ ᠬᠤᠪᠢᠶᠠᠨ ᠰᠠᠶᠢᠲᠤᠷ ᠰᠢᠢᠳᠪᠦᠷᠢᠯᠡᠵᠦ᠂ ᠬᠤᠷᠳᠤᠴᠠ ᠪᠠᠨ | ᠲᠦᠷᠭᠡᠳᠬᠡᠨ᠂ ᠠᠰᠠᠭᠤᠳᠠᠯ ᠨᠢᠭᠡᠪᠦᠷᠢ ᠶᠢ ᠴᠠᠭ ᠲᠤᠬᠠᠶ ᠳᠤᠨᠢ᠂ ᠪᠦᠲᠦᠮᠵᠢᠲᠡᠶ ᠬᠠᠷᠢᠭᠤᠯᠲᠠ ᠥᠭᠬᠦ ᠪᠠ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠶᠢ ᠭᠦᠨᠵᠡᠭᠡᠢ ᠠᠬᠢᠭᠤᠯᠵᠤ᠂ ᠠᠵᠤ ᠠᠬᠤᠶᠢᠯᠠᠯ ᠳᠤ ᠨᠡᠩ | ᠴᠢᠯᠦᠭᠡᠲᠡᠢ᠂ ᠨᠡᠩ ᠠᠰᠢᠭᠲᠠᠢ ᠬᠥᠭᠵᠢᠯᠲᠡ ᠶᠢᠨ ᠣᠷᠴᠢᠨ ᠨᠥᠬᠦᠴᠡᠯ ᠢ ᠪᠦᠷᠢᠯᠳᠦᠭᠦᠯᠵᠦ ᠥᠭᠭᠦᠨ᠎ᠡ᠃ ᠡᠭᠦᠨ ᠤ | ᠬᠠᠮᠲᠤ᠂ ᠭᠤᠤᠯᠯᠠᠬᠤ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠵᠤ ᠠᠬᠤᠶᠢᠯᠠᠯ ᠤᠨ | ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠠᠵᠤ ᠠᠬᠤᠶᠢᠯᠠᠯ ᠤᠨ ᠬᠦᠷᠲᠡᠮᠵᠢ ᠶᠢᠨ ᠲᠥᠷᠥᠭᠳᠡᠯ ᠪᠠ | ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠎ᠡ᠃ ᠳ᠋ᠦᠩ ᠬᠤᠸᠠ ᠰᠢᠨᠵᠢᠯᠡᠭᠡ ᠮᠡᠷᠭᠡᠵᠢᠯ ᠤᠨ ᠺᠣᠮᠫᠠᠨᠢ | ᠭᠤᠤᠯ ᠴᠣᠭᠴᠠ ᠶᠢᠨ ᠦᠢᠯᠡᠳᠦᠯ ᠢᠶᠠᠨ ᠲᠠᠰᠤᠷᠠᠯᠲᠠ ᠥᠬᠡᠶ ᠪᠠᠳᠠᠷᠠᠭᠤᠯᠵᠤ᠂ ᠵᠠᠷᠤᠳ ᠬᠤᠰᠢᠭᠤᠨ ᠤ ᠠᠵᠤ | ᠦᠢᠯᠡᠰ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠠᠮᠢᠶ᠎ᠠ ᠪᠥᠬᠦᠶ ᠲᠥᠷᠥᠯ ᠵᠦᠢᠯ ᠤᠨ | ᠠᠵᠤ ᠦᠢᠯᠡᠰ ᠤᠨ ᠬᠡᠯᠬᠢᠶ᠎ᠡ ᠶᠢ ᠦᠷᠭᠦᠯᠵᠢᠯᠡᠨ ᠤᠷᠲᠤᠳᠬᠠᠬᠤ ᠶᠢ ᠬᠦᠰᠡᠵᠦ ᠪᠠᠶᠢᠨ᠎ᠠ᠃ ᠡᠯ᠎ᠡ ᠲᠠᠯ᠎ᠠ ᠶᠢᠨ ᠬᠢᠨ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠨᠡᠶᠢᠭᠡᠮ ᠳᠤ ᠢᠳᠡᠪᠬᠢᠲᠡᠢ ᠦᠢᠯᠡᠴᠢᠯᠡᠵᠦ᠂ ᠵᠠᠰᠠᠭ ᠠᠵᠤ | ᠠᠬᠤᠶᠢᠯᠠᠯ ᠤᠨ ᠬᠠᠮᠲᠤᠷᠠᠯᠴᠠᠭᠠᠨ ᠤ ᠬᠦᠴᠦᠨ ᠢ ᠠᠰᠢᠭᠯᠠᠵᠤ᠂ ᠦᠷᠳᠡᠭ ᠤᠨ ᠬᠡᠯᠬᠢᠶ᠎ᠡ ᠶᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠨᠠᠷᠢᠯᠢᠬᠵᠢᠭᠤᠯᠬᠤ᠂ ᠳᠡᠭᠡᠳᠦ ᠲᠡᠰ ᠤᠨ ᠪᠣᠯᠭᠠᠬᠤ ᠴᠢᠭᠯᠡᠯ ᠢᠶᠠᠷ ᠬᠦᠴᠦᠯᠡᠨ ᠬᠥᠭᠵᠢᠭᠦᠯᠵᠦ᠂ | ᠭᠠᠷ ᠬᠤᠯᠪᠣᠨ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ | ᠠᠬᠢᠭᠤᠯᠤᠨ᠎ᠠ ᠭᠡᠪᠡ᠃ | ᠯᠢ ᠯᠢ ᠰᠢᠨ ᠠᠴᠠ᠂ ᠬᠤᠶᠠᠷ ᠲᠠᠯ᠎ᠠ ᠪᠠᠷ ᠢᠶᠠᠨ ᠨᠡᠪᠲᠡᠷᠡᠯᠴᠡᠭᠡ ᠵᠣᠯᠭᠠᠯᠴᠠᠭ᠎ᠠ ᠪᠠᠨ ᠲᠠᠰᠤᠷᠠᠯᠲᠠ ᠦᠭᠡᠢ | ᠴᠢᠩᠭᠠᠳᠬᠠᠵᠤ᠂ ᠬᠠᠮᠲᠤᠷᠠᠯᠴᠠᠭᠠᠨ ᠤ ᠲᠡᠰ ᠳᠠᠪᠬᠤᠷᠭ᠎ᠠ ᠪᠠᠨ ᠭᠦᠨᠵᠡᠭᠡᠶᠢᠷᠡᠭᠦᠯᠵᠦ᠂ ᠠᠵᠤ ᠠᠬᠤᠶᠢᠯᠠᠯ ᠴᠤ ᠲᠤᠰ | ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ | ᠬᠥᠭᠵᠢᠯᠲᠡ ᠳᠤ ᠨᠡᠩ ᠰᠠᠶᠢᠲᠤᠷ ᠦᠢᠯᠡᠴᠢᠯᠡᠵᠦ᠂ ᠬᠠᠮᠲᠤᠷᠠᠯᠴᠠᠭᠠᠨ ᠤ ᠳᠤᠮᠳᠠ ᠬᠠᠮᠲᠤᠪᠠᠷ ᠠᠰᠢᠭ ᠬᠦᠷᠳᠡᠬᠦ ᠶᠢ | ᠪᠡᠶᠡᠯᠡᠭᠦᠯᠬᠦ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ |