12 ᠰᠠᠷ᠎ᠠ ᠶᠢᠨ 11 ᠤ ᠡᠳᠦᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠡᠦ ᠴᠢᠩ ᠬᠠᠢ ᠦᠨᠡᠭᠡᠴᠢ ᠰᠤᠮᠤ ᠶᠢᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠶᠢᠨ ᠬᠡᠷ᠂ ᠦᠨᠡᠭᠡᠴᠢ ᠰᠤᠮᠤᠨ ᠤ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠥᠷᠥᠯ ᠵᠤᠶᠢᠯ᠂ ᠬᠤᠸᠠ ᠵᠢᠶᠧ ᠭᠠᠴᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠲᠥᠷᠥᠯ ᠵᠤᠶᠢᠯ ᠪᠣᠯᠤᠨ ᠬᠠᠷᠭᠠᠴᠠ ᠭᠤᠤᠯ ᠤᠨ ᠵᠠᠰᠠᠯᠲᠠ ᠶᠢᠨ ᠲᠥᠷᠥᠯ ᠵᠤᠶᠢᠯ ᠵᠢᠴᠢ ᠠᠷᠠᠳ ᠤᠨ ᠠᠮᠢᠳᠤᠷᠠᠯ ᠤᠨ | ᠪᠢᠴᠢᠯ ᠪᠣᠳᠠᠲᠤ ᠶᠠᠪᠤᠳᠠᠯ ᠤᠨ ᠬᠤᠸᠠ ᠵᠢᠶᠧ ᠰᠣᠶᠣᠯ ᠤᠨ ᠲᠠᠯᠠᠪᠠᠶ ᠶᠢ ᠬᠠᠲᠠᠭᠤᠷᠠᠭᠤᠯᠬᠤ ᠲᠥᠷᠥᠯ ᠵᠤᠶᠢᠯ ᠢ | ᠠᠬᠤᠢ ᠭᠠᠵᠠᠷ ᠲᠤᠨᠢ ᠪᠠᠶᠢᠴᠠᠭᠠᠨ ᠦᠵᠡᠬᠦ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠲᠠᠮᠵᠢᠨ᠂ | ᠰᠤᠮᠤᠨ ᠤ ᠨᠠᠮ ᠤᠨ ᠬᠤᠷᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠲᠡᠮᠵᠢᠵᠦ | ᠪᠠᠶᠢᠭ᠎ᠠ ᠪᠠᠶᠢᠳᠠᠯ ᠪᠣᠯᠤᠨ ᠲᠥᠯᠥᠭᠡᠯᠡᠭᠴᠢᠳ ᠤᠨ ᠬᠡᠷ ᠪᠦᠯᠢ ᠶᠢᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠲᠥᠷᠥᠯ ᠵᠤᠶᠢᠯ ᠤᠨ ᠬᠡᠷᠡᠭᠵᠢᠭᠦᠯᠦᠯᠲᠡ᠂ ︽ᠠᠷᠠᠳ ᠤᠨ ᠠᠮᠢᠳᠤᠷᠠᠯ ᠤᠨ ᠪᠢᠴᠢᠯ ᠪᠣᠳᠠᠲᠤ | ᠶᠠᠪᠤᠳᠠᠯ ᠢ ᠳᠠᠷᠦ᠋ᠢᠬᠠᠨ ᠭᠦᠢᠴᠡᠳᠭᠡᠬᠦ︾ ᠵᠡᠷᠭᠡ ᠪᠠᠶᠢᠳᠠᠯ ᠢ ᠣᠶᠢᠯᠠᠭᠠᠭᠰᠠᠨ ᠪᠥᠭᠡᠳ ᠰᠤᠮᠤ ᠪᠠᠯᠭᠠᠰᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ᠂ ᠠᠷᠠᠳ ᠤᠨ ᠲᠥᠯᠥᠭᠡᠯᠡᠭᠴᠢᠳ ᠤᠨ ᠵᠠᠬᠢᠳᠠᠯ | ᠰᠤᠷᠪᠤᠯᠵᠢᠯᠠᠯ ᠢ ᠣᠷᠣᠯᠠᠨ ᠭᠦᠢᠴᠡᠳᠭᠡᠬᠦ ᠲᠦᠷᠢᠮ᠂ ᠲᠥᠯᠥᠭᠡᠯᠡᠭᠴᠢᠳ ᠤᠨ ᠳᠤᠭᠤᠶᠢᠯᠠᠩ ᠤᠨ ᠠᠵᠢᠯᠯᠠᠭ᠎ᠠ ᠵᠡᠷᠭᠡ | ᠲᠠᠯ᠎ᠠ ᠪᠠᠷ ᠰᠠᠨᠠᠯ ᠰᠠᠨᠠᠭᠤᠯᠭ᠎ᠠ ᠲᠤᠷᠠᠳᠪᠠ᠃ | | | |