ᠱᠤᠤ ᠶᠠᠨ ᠵᠢᠶᠦ᠋ᠨ ᠱᠦᠵᠢ ᠶᠢᠨ ᠲᠤᠰᠬᠠᠢ ᠰᠡᠳᠦᠪᠲᠣ ᠬᠤᠷᠠᠯ ᠢ ᠡᠷᠬᠢᠯᠡᠨ ᠬᠢᠪᠡ
ᠨᠡᠶᠢᠲᠡᠯᠡᠭᠰᠡᠨ ᠴᠠᠭ᠄
2024/12/13
                      12 ᠰᠠᠷ᠎ᠠ ᠶᠢᠨ 12 ᠤᠨ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠤᠤ ᠶᠠᠨ ᠵᠢᠶᠦ᠋ᠨ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠢᠪᠡ᠂ ᠬᠤᠯᠪᠣᠭᠳᠠᠯ ᠪᠦᠬᠦᠢ ᠨᠢᠭᠡᠴᠢ ᠶᠢᠨ 2024 ᠣᠨ ᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠵᠢᠴᠢ 2025 ᠣᠨ ᠤ ᠭᠤᠣᠯ ᠪᠣᠯᠬᠤ ᠭᠦᠢᠴᠡᠳᠬᠡᠯ ᠲᠤᠭ᠎ᠠ᠂ ᠭᠤᠣᠯᠳᠠᠯᠭ᠎ᠠ ᠲᠠᠢ ᠲᠦᠷᠦᠯ ᠵᠦᠢᠯ᠂ ᠭᠤᠣᠯᠯᠠᠬᠤ ᠠᠵᠤ ᠦᠢᠯᠡᠰ ᠤᠨ ᠲᠥᠯᠥᠪᠯᠡᠭᠡ ᠶᠢᠨ ᠲᠤᠬᠢᠷᠠᠭᠤᠯᠤᠯᠳᠠ ᠵᠢᠴᠢ ᠠᠵᠢᠯ ᠤᠨ ᠰᠡᠳᠬᠢᠴᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠰᠢᠭᠤᠨ ᠤ ᠤᠳᠤᠷᠢᠳᠤᠯᠭ᠎ᠠ ᠮᠦ ᠲᠢᠶᠧ ᠮᠢᠨ᠂ ᠼᠦᠢ ᠯᠸᠢ ᠯᠸᠢ᠂ ᠭᠦᠸᠧ ᠶᠠ ᠹᠧᠩ᠂ ᠢᠦᠢ ᠬᠠᠢ ᠪᠦᠦ᠂ ᠬᠤᠤ ᠵᠢᠶᠠᠨ ᠬᠤᠸᠠ᠂ ᠸᠠᠩ ᠾᠧ᠂ ᠪᠥᠸᠧ ᠱᠢ ᠶᠤᠸᠠᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃       ᠱᠤᠤ ᠶᠠᠨ ᠵᠢᠶᠦ᠋ᠨ ᠬᠡᠯᠡᠬᠦ ᠳᠡᠭᠡᠨ᠂ ᠭᠦᠢᠴᠡᠳᠬᠡᠯ ᠲᠤᠭ᠎ᠠ ᠶᠢ ᠴᠢᠩᠭ᠎ᠠ ᠠᠩᠬᠠᠷᠴᠤ᠂ ᠵᠢᠯ ᠤᠨ ᠡᠴᠦᠰ ᠤᠨ ᠰᠢᠪᠳᠣᠯᠣᠲᠠ ᠶᠢᠨ ᠱᠠᠲᠤ ᠶᠢ ᠠᠳᠬᠤᠵᠤ᠂ ᠲᠤᠰᠠᠲᠠᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠵᠥᠷᠢᠶ᠎ᠡ ᠪᠠᠨ ᠡᠷᠢᠵᠦ᠂ ᠳᠠᠯᠳᠠ ᠬᠦᠴᠦᠨ ᠢᠶᠠᠨ ᠠᠭᠤᠳᠠᠯᠵᠤ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ 2024 ᠣᠨ ᠤ ᠡᠯ᠎ᠡ ᠵᠦᠢᠯ ᠤᠨ ᠭᠦᠢᠴᠡᠳᠭᠡᠯ ᠲᠤᠭ᠎ᠠ ᠶᠢ ᠪᠦᠬᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠵᠤ᠂ ᠰᠢᠪᠳᠣᠯᠣᠯᠲᠠ ᠶᠢᠨ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ 2025 ᠣᠨ ᠤ ᠲᠣᠭᠲᠠᠭᠠᠬᠤ ᠬᠠᠷᠠᠯᠲᠠ ᠶᠢᠨ ᠪᠣᠯᠤᠮᠵᠢᠲᠤ ᠴᠢᠨᠠᠷ᠂ ᠥᠷᠢᠰᠥᠯᠳᠦᠭᠡᠨ ᠤ ᠴᠢᠨᠠᠷ ᠢ ᠭᠦᠢᠴᠡᠳ ᠪᠣᠳᠣᠯᠬᠢᠯᠠᠵᠤ᠂ ᠭᠤᠣᠯᠳᠠᠯᠭ᠎ᠠ ᠲᠠᠢ ᠲᠦᠷᠦᠯ ᠵᠦᠢᠯ ᠢ ᠠᠵᠢᠯ ᠡᠬᠢᠯᠡᠭᠦᠯᠦᠨ ᠪᠦᠳᠦᠭᠡᠨ ᠪᠠᠶᠢᠭᠤᠯᠬᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠨ ᠬᠥᠭᠵᠢᠭᠦᠯᠦᠯᠲᠡ᠂ ᠠᠵᠤ ᠠᠬᠤᠢ ᠶᠢᠨ ᠨᠡᠮᠡᠭᠳᠡᠯ ᠵᠡᠷᠭᠡ ᠲᠠᠯ᠎ᠠ ᠪᠠᠷ ᠭᠤᠣᠯᠳᠠᠭᠤᠯᠵᠤ᠂ ᠬᠤᠷᠸ᠎ᠠ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠭᠦᠨᠵᠡᠭᠡᠢ ᠵᠠᠳᠠᠯᠵᠤ᠂ ᠠᠵᠤ ᠠᠬᠤᠢ ᠶᠢᠨ ᠬᠥᠭᠵᠢᠯᠲᠡ ᠶᠢᠨ ᠲᠤᠯᠭᠠᠭᠤᠷᠢᠯᠠᠬᠤ ᠨᠥᠬᠦᠴᠡᠯ ᠪᠣᠯᠤᠨ ᠨᠡᠮᠡᠭᠳᠡᠯ ᠤᠨ ᠣᠷᠣᠨ ᠵᠠᠢ ᠶᠢ ᠣᠨᠣᠪᠴᠢᠲᠠᠢ ᠣᠯᠵᠤ᠂ 2025 ᠣᠨ ᠤ ᠡᠯ᠎ᠡ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠵᠢᠱᠢᠭᠰᠡᠨ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠭᠲᠠᠭᠠᠵᠤ᠂ ᠢᠷᠡᠬᠦ ᠵᠢᠯ ᠳᠤ ᠰᠠᠶᠢᠨ ᠡᠬᠢᠯᠡᠯᠲᠡ ᠲᠠᠢ  ᠪᠣᠯᠬᠤ ᠶᠢ ᠬᠦᠴᠦᠯᠡᠨ ᠠᠬᠢᠭᠤᠯᠬᠤ ᠬᠡᠷᠡᠭᠲᠡᠢ ᠭᠡᠪᠡ᠃       ᠱᠤᠤ ᠶᠠᠨ ᠵᠢᠶᠦ᠋ᠨ ᠬᠡᠯᠡᠭᠰᠡᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ︽ᠲᠠᠪᠤᠨ ᠶᠡᠭᠡ ᠡᠭᠦᠷᠭᠡ︾ ᠶᠢᠨ ᠠᠵᠢᠯ ᠤᠨ ᠱᠠᠭᠠᠷᠳᠠᠯᠭ᠎ᠠ ᠪᠣᠯᠤᠨ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠵᠢᠴᠢ ᠪᠦᠬᠦ ᠬᠤᠰᠢᠭᠤᠨ ᠤ ᠬᠥᠭᠵᠢᠯᠲᠡ ᠶᠢᠨ ᠰᠡᠳᠬᠢᠴᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠡᠯ᠎ᠡ ᠵᠦᠢᠯ ᠤᠨ ᠳᠠᠪᠠᠭᠤᠯᠢᠭ ᠡᠬᠢ ᠪᠠᠶᠠᠯᠢᠭ ᠲᠤ ᠲᠦᠰᠢᠭᠯᠡᠨ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ᠂ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠨ ᠬᠥᠭᠵᠢᠭᠦᠯᠦᠯᠲᠡ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠵᠡᠷᠭᠡ ᠭᠤᠣᠯᠯᠠᠬᠤ ᠠᠵᠤ ᠦᠢᠯᠡᠰ ᠤᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠰᠢᠪᠲᠤᠯᠤᠯᠲᠠ ᠬᠢᠬᠦ ᠣᠪᠣᠷ ᠢᠶᠠᠷ᠂ ᠴᠠᠭ ᠬᠤᠭᠤᠴᠠᠭ᠎ᠠ ᠪᠠᠷ ᠠᠬᠢᠴᠠ ᠶᠢ ᠰᠢᠬᠠᠮᠳᠠᠭᠤᠯᠵᠤ᠂ ᠬᠠᠷᠠᠯᠲᠠ ᠪᠠᠷ ᠬᠠᠷᠢᠭᠤᠴᠠᠯᠭ᠎ᠠ ᠶᠢ ᠰᠢᠬᠠᠮᠳᠠᠭᠤᠯᠵᠤ᠂ ᠠᠵᠤ ᠦᠢᠯᠡᠰ ᠤᠨ ᠲᠥᠷᠥᠯ ᠵᠦᠢᠯ ᠢ ᠨᠠᠷᠢᠨ ᠨᠢᠮᠪᠠᠶ ᠲᠥᠯᠥᠪᠯᠡᠨ᠂ ᠲᠥᠷᠥᠯ ᠵᠦᠢᠯ ᠤᠨ ᠪᠦᠲᠦᠴᠡ ᠪᠠ ᠲᠥᠷᠥᠯ ᠵᠦᠢᠯ ᠢ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠭᠠᠵᠠᠷ ᠰᠢᠷᠣᠶ᠂ ᠲᠥᠯᠥᠪᠵᠢᠭᠦᠯᠭᠡ ᠵᠡᠷᠭᠡ ᠬᠦᠴᠦᠨ ᠵᠦᠢᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠵᠤ᠂ ᠪᠥᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ᠃ 2025 ᠣᠨ ᠤ ᠡᠯ᠎ᠡ ᠵᠦᠢᠯ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠵᠡᠷᠭᠡ ᠠᠵᠢᠯ ᠢ ᠤᠷᠢᠳᠴᠢᠯᠠᠨ ᠲᠥᠯᠥᠪᠯᠡᠨ ᠥᠷᠨᠢᠭᠦᠯᠵᠦ᠂ ᠲᠥᠷᠥᠯ ᠵᠦᠢᠯ ᠤᠨ ᠲᠥᠯᠦᠪᠵᠢᠭᠦᠯᠭᠡ ᠶᠢᠨ ᠣᠨᠣᠪᠴᠢᠲᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠪᠠ ᠪᠦᠲᠦᠮᠵᠢᠲᠦ ᠴᠢᠨᠠᠷ ᠢ ᠦᠨᠡᠨᠬᠦ ᠳᠡᠭᠡᠭᠰᠢᠯᠡᠭᠦᠯᠦᠨ᠂ 2025 ᠣᠨ ᠤ ᠡᠯ᠎ᠡ ᠵᠦᠢᠯ ᠤᠨ ᠭᠤᠣᠯᠯᠠᠬᠤ ᠠᠵᠤ ᠦᠢᠯᠡᠰ ᠤᠨ ᠬᠥᠭᠵᠢᠯᠲᠡ ᠪᠠ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号