12 ᠰᠠᠷ᠎ᠠ ᠶᠢᠨ 13 ᠤ ᠡᠳᠦᠷ᠂ ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ | ᠴᠠᠭᠠᠵᠠ ᠶᠢᠨ ᠬᠤᠷᠢᠶᠠᠨ ᠤ ᠳᠡᠳ᠋ ᠱᠦᠵᠢ ᠪᠠᠶᠠᠨᠰᠠᠩ ᠬᠠᠮᠳᠤ ᠶᠠᠪᠤᠭᠰᠠᠳ ᠲᠠᠢ ᠪᠠᠨ ᠵᠠᠷᠤᠳ ᠬᠤᠰᠢᠭᠤᠨ ᠳᠤ | ᠭᠦᠨᠵᠡᠭᠡᠶᠢᠷᠡᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ︽ᠬᠤᠶᠠᠷ ᠢ ᠪᠠᠶᠢᠭᠤᠯᠬᠤ︾ ᠲᠤᠷᠰᠢᠯᠲᠠ ᠶᠢᠨ | ᠴᠡᠭ ᠤᠨ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ | ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠠᠩ ᠽᠢ ᠴᠢᠶᠠᠩ ᠪᠠᠷ᠎ᠠ ᠪᠣᠯᠵᠣ ᠪᠠᠶᠢᠴᠠᠭᠠᠨ | ᠰᠤᠳᠤᠯᠤᠯᠲᠠ ᠬᠢᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠶᠢᠴᠠᠭᠠᠨ ᠰᠤᠳᠤᠯᠤᠯᠲᠠ ᠬᠢᠬᠦ᠂ ᠮᠠᠲ᠋ᠧᠷᠢᠶᠠᠯ ᠪᠠᠶᠢᠴᠠᠭᠠᠨ | ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠲᠠᠮᠵᠢᠨ᠂ | ᠰᠢᠶᠠᠩᠱᠠᠨ ᠪᠠᠯᠭᠠᠰᠤᠨ ᠤ ᠵᠦᠩ ᠰᠢᠨ ᠲᠣᠰᠬᠤᠨ᠂ ᠰᠢᠶᠠᠩᠱᠠᠨ ᠲᠣᠰᠬᠤᠨ᠂ ᠰᠢᠶᠤᠤ ᠾᠧ ᠰᠢ ᠲᠣᠰᠬᠤᠨ ᠪᠣᠯᠤᠨ | ᠰᠢᠶᠠᠩᠱᠠᠨ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠵᠡᠷᠭᠡ ᠭᠠᠵᠠᠷ ᠲᠤ ᠬᠦᠷᠴᠤ᠂ ︽ᠬᠤᠶᠠᠷ ᠢ ᠪᠠᠶᠢᠭᠤᠯᠬᠤ︾ | ᠠᠵᠢᠯ ᠤᠨ ᠲᠤᠷᠰᠢᠯᠲᠠ ᠶᠢᠨ ᠴᠡᠭ ᠢ ᠪᠣᠶ ᠪᠣᠯᠭᠠᠬᠤ ᠵᠢᠴᠢ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ | ᠨᠠᠮᠳᠠᠭᠤᠯᠬᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠲᠤᠬᠠᠶ ᠶᠢᠨ | ᠭᠠᠵᠠᠷ ᠲᠤᠨᠢ ᠪᠠᠶᠢᠴᠠᠭᠠᠨ ᠦᠵᠡᠪᠡ᠃ | | | | | ᠪᠠᠶᠠᠨᠰᠠᠩ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠤᠷᠪᠠᠨ | ᠱᠠᠲᠤᠨ ᠤ ︽ᠬᠤᠶᠠᠷ ᠢ ᠪᠠᠶᠢᠭᠤᠯᠬᠤ︾ ᠠᠵᠢᠯ ᠤᠨ ᠭᠤᠤᠯ ᠴᠣᠭᠴᠠ ᠶᠢ ᠪᠦᠲᠦᠮᠵᠢᠲᠡᠶ ᠬᠤᠯᠪᠣᠭᠠᠯᠠᠨ | ᠬᠥᠳᠡᠯᠦᠯᠴᠡᠬᠦ ᠶᠢ ᠴᠢᠬᠤᠯᠠᠴᠢᠯᠠᠵᠤ᠂ ᠬᠠᠮᠢᠶᠠᠷᠤᠯᠲᠠ ᠶᠢ ᠵᠢᠷᠤᠮᠵᠢᠭᠤᠯᠬᠤ ᠶᠢ ᠴᠢᠬᠤᠯᠠᠴᠢᠯᠠᠨ᠂ ᠠᠵᠢᠯ ᠤᠨ | ᠲᠤᠷᠰᠢᠯᠭ᠎ᠠ ᠪᠠᠨ ᠳ᠋ᠦᠩᠨᠡᠵᠦ᠂ ︽ᠨᠢᠭᠡ ᠱᠠᠲᠤ ᠨᠢ ᠨᠢᠭᠡ ᠱᠠᠲᠤ ᠪᠠᠨ ᠳᠠᠭᠠᠭᠤᠯᠤᠨ ᠬᠢᠬᠦ︾᠂ ︽ᠨᠢᠭᠡ ᠱᠠᠲᠤ ᠨᠢ | ᠨᠢᠭᠡ ᠱᠠᠲᠤ ᠳᠤ ᠪᠠᠨ ᠦᠵᠡᠭᠦᠯᠬᠦ︾᠂ ᠬᠤᠰᠢᠭᠤ᠂ ᠪᠠᠯᠭᠠᠰᠤ᠂ ᠲᠣᠰᠬᠤᠨ ᠭᠤᠷᠪᠠᠨ ᠱᠠᠲᠤ ᠨᠢ ᠬᠤᠯᠪᠣᠭᠠᠯᠠᠨ | ᠬᠥᠳᠡᠯᠦᠯᠴᠡᠬᠦ᠂ ᠱᠠᠲᠤ ᠳᠠᠷᠠᠭᠠᠯᠠᠨ ᠨᠠᠶᠢᠳᠠᠪᠤᠷᠢᠵᠢᠭᠤᠯᠬᠤ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ︽ᠬᠤᠶᠠᠷ ᠢ | ᠪᠠᠶᠢᠭᠤᠯᠬᠤ ᠠᠵᠢᠯ︾ ᠤᠨ ᠦᠷ᠎ᠡ ᠪᠦᠲᠦᠮᠵᠢ ᠤᠯᠬᠤ ᠶᠢ ᠪᠦᠲᠦᠮᠵᠢᠲᠡᠶ ᠠᠬᠢᠭᠤᠯᠬᠤ ᠬᠡᠷᠡᠭᠲᠡᠶ᠃ ᠦᠨᠳᠦᠰᠦ ᠪᠠᠨ | ᠪᠠᠬᠢᠵᠢᠭᠦᠯᠵᠦ ᠰᠠᠭᠤᠷᠢ ᠪᠠᠨ ᠪᠠᠲᠤᠳᠬᠠᠬᠤ ᠶᠢ ᠪᠠᠷᠢᠮᠲᠠᠯᠠᠵᠤ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ | ᠪᠠᠶᠢᠴᠠᠭᠠᠵᠤ ᠨᠠᠮᠳᠠᠭᠤᠯᠬᠤ ᠡᠨᠡ ᠬᠦ ᠭᠤᠣᠯ ᠠᠵᠢᠯ ᠢ ᠠᠬᠢᠭᠤᠯᠵᠤ᠂ ᠤᠷᠢᠳ ᠢᠶᠠᠷ ᠲᠣᠭᠲᠠᠭᠤᠨ ᠢ ᠬᠠᠮᠠᠭᠠᠯᠠᠬᠤ | ᠪᠣᠭᠤᠮᠲᠠ ᠶᠢ ᠰᠢᠯᠵᠢᠭᠦᠯᠵᠦ᠂ ᠦᠷᠭᠦᠯᠵᠢ ᠡᠷᠦᠬᠡ ᠳᠤ ᠣᠷᠣᠵᠤ ᠵᠢᠭᠰᠠᠭᠠᠨ ᠪᠠᠶᠢᠴᠠᠭᠠᠵᠤ᠂ ᠰᠤᠷᠭᠠᠨ | ᠬᠥᠮᠦᠵᠢᠭᠦᠯᠵᠦ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ | ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ᠂ ᠠᠵᠢᠯ ᠲᠦᠷᠦᠯ ᠤᠨ ᠡᠶᠡᠳᠡᠭᠦᠯᠭᠡ ᠵᠡᠷᠭᠡ ︽ᠤᠯᠠᠨ | ᠡᠶᠡᠳᠡᠭᠦᠯᠭᠡ ᠶᠢᠨ ᠬᠠᠮᠲᠤᠷᠠᠯᠴᠠᠭ᠎ᠠ︾ ᠲᠠᠢ ᠤᠶᠠᠯᠳᠤᠭᠤᠯᠤᠨ᠂ ᠵᠥᠷᠢᠴᠡᠯ ᠵᠢᠭᠤᠷᠠᠯᠳᠤᠭᠠᠨ ᠢ ᠵᠢᠷᠤᠮᠵᠢᠭᠤᠯᠤᠨ | ᠰᠢᠢᠳᠪᠦᠷᠢᠯᠡᠵᠦ᠂ ᠬᠠᠤᠯᠢ ᠶᠣᠰᠣᠭᠠᠷ ᠬᠦᠯᠢᠶᠡᠨ ᠠᠪᠴᠤ ᠰᠢᠢᠳᠪᠦᠷᠢᠯᠡᠨ᠂ ᠬᠠᠤᠯᠢ ᠶᠣᠰᠣᠭᠠᠷ ᠰᠢᠢᠳᠪᠦᠷᠢᠯᠡᠵᠦ᠂ | ᠬᠡᠷᠡᠭ ᠶᠠᠪᠤᠳᠠᠯ ᠢ ᠲᠤᠰᠢᠶᠠᠨ ᠰᠢᠢᠳᠪᠦᠷᠢᠯᠡᠭᠦᠯᠬᠦ ᠶᠢ ᠰᠠᠶᠢᠲᠤᠷ ᠬᠢᠵᠦ᠂ ︽ᠬᠠᠤᠯᠢ︾᠂ ︽ᠶᠣᠰᠣ︾᠂ ︽ | ᠰᠡᠳᠬᠢᠯᠭᠡ︾ ᠶᠢ ᠬᠠᠷᠢᠯᠴᠠᠨ ᠨᠢᠭᠡᠳᠬᠡᠬᠦ ᠬᠡᠷᠡᠭᠲᠡᠢ᠃ ᠳᠠᠪᠠᠭᠤᠯᠢᠭ ᠴᠡᠷᠢᠭ ᠤᠨ ᠬᠦᠴᠦᠨ ᠢᠶᠠᠨ ᠲᠥᠪᠯᠡᠷᠡᠭᠦᠯᠦᠨ᠂ | ᠡᠯ᠎ᠡ ᠲᠠᠯ᠎ᠠ ᠶᠢᠨ ᠬᠦᠴᠦᠨ ᠢ ᠳᠠᠶᠢᠴᠢᠯᠠᠵᠤ᠂ ᠣᠯᠠᠨ ᠤ ᠤᠬᠠᠭᠠᠨ ᠬᠠᠮᠲᠤ ᠶᠢᠨ ᠬᠦᠴᠦᠨ ᠢ ᠳᠠᠶᠢᠴᠢᠯᠠᠨ᠂ | ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠵᠤ᠂ ︽ᠤᠷᠢᠳᠴᠢᠯᠠᠨ ᠰᠡᠷᠭᠡᠶᠢᠯᠡᠬᠦ᠂ ᠡᠶᠡᠳᠡᠭᠦᠯᠬᠦ ᠶᠢ | ᠲᠡᠷᠢᠭᠦᠨ ᠳᠤ ᠲᠠᠯᠪᠢᠬᠤ᠂ ᠬᠠᠤᠯᠢ ᠪᠠᠷ ᠵᠠᠰᠠᠬᠤ ᠶᠢ ᠬᠡᠷᠡᠭᠯᠡᠬᠦ᠂ ᠲᠤᠬᠠᠶ ᠶᠢᠨ ᠭᠠᠵᠠᠷ ᠲᠤᠨᠢ ᠰᠢᠢᠳᠪᠦᠷᠢᠯᠡᠬᠦ︾ ᠶᠢ | ᠦᠨᠡᠨ ᠬᠦ ᠪᠡᠶᠡᠯᠡᠭᠦᠯᠵᠦ᠂ ︽ᠪᠠᠭ᠎ᠠ ᠶᠠᠪᠤᠳᠠᠯ ᠢ ᠲᠣᠰᠬᠤᠨ ᠠᠴᠠ ᠭᠠᠷᠭᠠᠬᠤ ᠥᠬᠡᠶ᠂ ᠶᠡᠭᠡ ᠶᠠᠪᠤᠳᠠᠯ ᠢ | ᠪᠠᠯᠭᠠᠰᠤᠨ ᠠᠴᠠ ᠭᠠᠷᠭᠠᠬᠤ ᠥᠬᠡᠶ᠂ ᠵᠥᠷᠢᠴᠡᠯ ᠢ ᠳᠡᠭᠡᠭᠰᠢ ᠲᠤᠰᠢᠶᠠᠬᠤ ᠥᠬᠡᠶ︾ ᠪᠠᠶᠢᠬᠤ ᠶᠢ ᠦᠨᠡᠨ ᠬᠦ | ᠪᠠᠲᠤᠯᠠᠵᠤ᠂ ᠵᠥᠷᠢᠴᠡᠯ ᠵᠢᠭᠤᠷᠠᠯᠳᠤᠭᠠᠨ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠬᠤ ᠬᠡᠷᠡᠭᠲᠡᠶ ᠭᠡᠪᠡ᠃ |