ᠵᠠᠷᠤᠳ ᠬᠤᠰᠢᠭᠤ 2024 ᠣᠨ ᠤ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ︵ᠡᠮᠡᠭᠲᠡᠶᠢᠴᠦᠳ︶ ᠬᠥᠮᠦᠵᠢᠭᠦᠯᠬᠦ ᠠᠩᠭᠢ ᠡᠬᠢᠯᠡᠪᠡ
ᠨᠡᠶᠢᠲᠡᠯᠡᠭᠰᠡᠨ ᠴᠠᠭ᠄
2024/12/16
   ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠮᠡᠭᠲᠡᠶᠢᠴᠦᠳ ᠤᠨ ᠠᠵᠢᠯᠯᠠᠭ᠎ᠠ︾ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠮᠠᠨ ᠤ ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 12 ᠰᠠᠷ᠎ᠠ ᠶᠢᠨ 9 ᠤ ᠡᠳᠦᠷ᠂ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠠᠮᠲᠤᠷᠠᠨ ᠡᠷᠭᠢᠯᠡᠭᠰᠡᠨ 2024 ᠣᠨ ᠤ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ︵ᠡᠮᠡᠭᠲᠡᠶᠢᠴᠦᠳ︶ ᠬᠥᠮᠦᠵᠢᠭᠦᠯᠬᠦ ᠠᠩᠭᠢ ᠵᠢᠩᠬᠢᠨᠢ ᠪᠠᠷ ᠡᠬᠢᠯᠡᠪᠡ᠃ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠤᠳᠤᠷᠢᠳᠤᠯᠭ᠎ᠠ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ ᠲᠠᠯᠠᠪᠠᠶ ᠶᠢᠨ ᠮᠠᠯᠵᠢᠬᠤ ᠲᠠᠷᠢᠶᠠᠯᠠᠬᠤ ᠣᠷᠣᠨ ᠤ ᠪᠠᠶᠠᠵᠢᠯ ᠤᠨ ᠳᠠᠭᠠᠭᠤᠯᠤᠭᠴᠢ᠂ ᠬᠤᠷᠰᠢᠶᠠᠵᠢᠯ ᠵᠢᠴᠢ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠡᠮᠡᠭᠲᠡᠶ ᠬᠠᠷᠢᠭᠤᠴᠠᠯᠭᠠᠲᠠᠨ᠂ ᠳᠠᠷᠢᠵᠤ ᠲᠡᠵᠢᠭᠡᠬᠦ ᠶᠡᠭᠡ ᠡᠷᠦᠬᠡ ᠶᠢᠨ ᠡᠮᠡᠭᠲᠡᠶ ᠡᠵᠡᠨ᠂ ᠨᠤᠲᠤᠭ ᠲᠠᠭᠠᠨ ᠪᠤᠴᠠᠭᠰᠠᠨ ᠡᠮᠡᠭᠲᠡᠶ ᠣᠶᠤᠲᠠᠨ ᠵᠡᠷᠭᠡ 70 ᠰᠢᠬᠠᠮ ᠬᠦᠮᠤᠰ ᠪᠣᠯᠪᠠᠰᠤᠷᠠᠯ ᠳᠤ ᠤᠷᠤᠯᠴᠠᠪᠠ᠃    
微信图片_20241216100622.jpg
    ᠲᠣᠰ ᠤᠳᠠᠭᠠᠨ ᠤ ᠪᠣᠯᠪᠠᠰᠤᠷᠠᠯ ᠤᠨ ᠠᠩᠭᠢ 15 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠣᠨᠣᠯ ᠤᠨ ᠵᠢᠭᠠᠨ ᠰᠤᠷᠭᠠᠯᠲᠠ᠂ ᠶᠠᠷᠢᠯᠴᠠᠭ᠎ᠠ ᠰᠣᠯᠢᠯᠴᠠᠭ᠎ᠠ᠂ ᠭᠠᠳᠠᠭᠰᠢ ᠭᠠᠷᠴᠤ ᠲᠣᠭᠤᠷᠢᠨ ᠦᠵᠡᠬᠦ᠂ ᠲᠡᠮᠵᠢᠨ ᠵᠢᠯᠣᠭᠤᠳᠬᠤ ᠵᠡᠷᠭᠡ ᠣᠯᠠᠨ ᠡᠰᠢᠵᠢᠭᠰᠡᠨ ᠵᠢᠭᠠᠨ ᠰᠤᠷᠭᠠᠯᠲᠠ ᠶᠢᠨ ᠠᠷᠭ᠎ᠠ ᠮᠠᠶ᠋ᠢᠭ ᠢᠶᠠᠷ ᠶᠠᠪᠤᠭᠳᠠᠪᠠ᠃ ᠪᠣᠯᠪᠠᠰᠤᠷᠠᠭᠤᠯᠤᠯ ᠤᠨ ᠬᠢᠴᠢᠶᠡᠯ ᠢ ᠨᠠᠷᠢᠨ ᠨᠢᠮᠪᠠᠶ ᠵᠢᠷᠤᠵᠤ ᠲᠥᠯᠥᠪᠯᠡᠨ ᠲᠣᠬᠢᠷᠠᠭᠤᠯᠬᠤ ᠪᠠᠷ ᠳᠡᠮᠵᠢᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠦᠯᠬᠦᠮᠳᠡᠨ ᠲᠡᠮᠡᠴᠡᠬᠦ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠤᠨ᠂ ᠣᠶᠤᠨᠴᠢ ᠲᠠᠷᠢᠶᠠᠯᠠᠩ᠂ ᠠᠮᠤ ᠪᠤᠳᠠᠭ᠎ᠠ ᠲᠣᠰᠣᠨ ᠤ ᠲᠠᠷᠢᠮᠠᠯ ᠤᠨ ᠶᠡᠭᠡ ᠲᠠᠯᠠᠪᠠᠶ ᠲᠠᠢ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠪᠠᠷ ᠭᠤᠤᠯ ᠪᠣᠯᠭᠠᠵᠤ᠂ ᠰᠠᠶᠢᠨ ᠲᠠᠷᠢᠶ᠎ᠠ᠂ ᠰᠠᠶᠢᠨ ᠡᠭᠦᠯᠳᠡᠷ᠂ ᠰᠠᠶᠢᠨ ᠠᠷᠭ᠎ᠠ᠂ ᠰᠠᠶᠢᠨ ᠲᠣᠬᠢᠶᠠᠯ᠂ ᠰᠠᠶᠢᠨ ᠲᠦᠷᠢᠮ ᠤᠨ ᠠᠭᠤᠰᠤᠯᠴᠠᠭ᠎ᠠ ᠶᠢ ᠠᠬᠢᠭᠤᠯᠵᠤ᠂ ᠡᠮᠡᠭᠲᠡᠶ ᠮᠠᠯᠴᠢᠨ ᠲᠠᠷᠢᠶᠠᠴᠢᠨ ᠤ ᠲᠤᠰᠬᠠᠶ ᠮᠡᠷᠭᠡᠵᠢᠯ ᠤᠨ ᠴᠢᠳᠠᠪᠤᠷᠢ᠂ ᠠᠵᠤ ᠦᠢᠯᠡᠰ ᠤᠨ ᠬᠥᠭᠵᠢᠯᠲᠡ᠂ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠣᠶᠣᠯ ᠲᠠᠢ᠂ ᠮᠡᠷᠭᠡᠵᠢᠯ ᠲᠠᠢ᠂ ᠡᠵᠡᠩᠨᠡᠬᠦ ᠳᠡᠭᠡᠨ ᠴᠢᠳᠠᠮᠠᠭᠠᠶ᠂ ᠬᠠᠮᠢᠶᠠᠷᠴᠤ ᠴᠢᠳᠠᠬᠤ ᠥᠨᠳᠥᠷ ᠬᠡᠪ ᠪᠣᠯᠪᠠᠰᠤᠷᠠᠯ ᠲᠠᠢ ᠡᠮᠡᠭᠲᠡᠶ ᠮᠠᠯᠴᠢᠨ ᠲᠠᠷᠢᠶᠠᠴᠢᠨ ᠤ ᠡᠩᠨᠡᠭᠡ ᠶᠢ ᠬᠦᠴᠦᠯᠡᠨ ᠬᠥᠮᠦᠵᠢᠭᠦᠯᠦᠨ᠎ᠡ᠃    
微信图片_20241216100636.jpg
    ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ︽ᠬᠤᠯᠪᠣᠭᠠᠯᠠᠬᠤ︾ ᠥᠰᠥᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠡᠯ᠎ᠡ ᠲᠥᠷᠥᠯ ᠤᠨ ᠡᠬᠢ ᠪᠠᠶᠠᠯᠢᠭ ᠤᠨ ᠬᠦᠴᠦᠨ ᠢ ᠡᠮᠬᠢᠯᠡᠨ ᠨᠡᠶᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠥᠨᠳᠥᠷ ᠬᠡᠪ ᠪᠣᠯᠪᠠᠰᠤᠷᠠᠯ ᠲᠠᠢ ᠡᠮᠡᠭᠲᠡᠶ ᠴᠢᠳᠠᠪᠤᠷᠢᠲᠠᠨ ᠢ ᠬᠥᠮᠦᠵᠢᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠡᠳᠡᠨ ᠳᠤ ᠨᠠᠩ ᠣᠯᠠᠨ ᠠᠵᠢᠯ ᠬᠢᠵᠦ ᠦᠢᠯᠡᠰ ᠴᠣᠭᠴᠠᠯᠠᠬᠤ ᠲᠠᠪᠴᠠᠩ ᠪᠠᠶᠢᠭᠤᠯᠤᠨ ᠥᠭᠴᠦ᠂ ᠨᠠᠩ ᠣᠯᠠᠨ ᠡᠮᠡᠭᠲᠡᠶᠢᠴᠦᠳ ᠢ ᠬᠥᠲᠥᠯᠦᠨ ᠵᠢᠯᠣᠭᠤᠳᠴᠤ ᠪᠠᠶᠢᠭᠠᠳ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠴᠤᠭ ᠵᠢᠪᠬᠤᠭ᠎ᠠ ᠶᠢ ᠢᠯᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠠᠰᠤᠷᠠᠯᠲᠠ ᠥᠬᠡᠶ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠨᠡᠮᠡᠷᠢᠯᠡᠨ᠎ᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号