ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠡᠦ ᠴᠢᠩ ᠬᠠᠶ ᠪᠠᠶᠠᠷᠳᠤᠬᠤᠰᠢᠭᠤ ᠪᠠᠯᠭᠠᠰᠤᠨ ᠳᠤ ᠬᠦᠷᠴᠦ ᠣᠳᠣᠬᠠᠨ ᠤ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/12/17
        12 ᠰᠠᠷ᠎ᠠ ᠶᠢᠨ 12 ᠤᠨ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠡᠦ ᠴᠢᠩ ᠬᠠᠢ ᠳᠠᠭᠠᠭᠠᠴᠢᠯᠠᠨ  ᠬᠤᠯᠪᠣᠭᠠᠯᠠᠭᠰᠠᠨ ᠭᠠᠵᠠᠷ ᠣᠷᠣᠨ ᠪᠠᠶᠠᠷᠳᠤᠬᠤᠰᠢᠭᠤ ᠪᠠᠯᠭᠠᠰᠤᠨ ᠳᠤ ᠬᠦᠷᠴᠦ ᠣᠳᠣᠬᠠᠨ ᠤ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠵᠢᠯᠣᠭᠤᠳᠪᠠ᠃ ᠰᠠᠭᠤᠳᠠᠯ ᠤᠨ ᠬᠤᠷᠠᠯ ᠬᠢᠬᠦ ᠪᠠᠷ ᠳᠠᠮᠵᠢᠨ᠂ ᠪᠦᠬᠦ ᠬᠤᠰᠢᠭᠤᠨ ᠤ ᠣᠳᠣᠬᠠᠨ ᠤ ᠭᠤᠣᠯᠳᠠᠯᠭ᠎ᠠ ᠲᠠᠢ ᠠᠵᠢᠯ ᠶᠢ ᠦᠷᠨᠢᠭᠦᠯᠦᠭᠰᠡᠨ ᠪᠠᠶᠢᠳᠠᠯ ᠢ ᠣᠶᠢᠯᠠᠭᠠᠵᠤ᠂ ᠪᠠᠶᠠᠷᠳᠤᠬᠤᠰᠢᠭᠤ ᠪᠠᠯᠭᠠᠰᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠪᠣᠳᠠᠲᠤ ᠠᠵᠢᠯ ᠲᠠᠢ ᠪᠠᠨ ᠤᠶᠠᠯᠳᠤᠭᠤᠯᠤᠨ᠂ ᠨᠠᠮ ᠤᠨ ᠬᠤᠷᠢᠶ᠎ᠠ ᠶᠢᠨ ᠤᠨᠤᠯ ᠰᠤᠷᠣᠯᠴᠠᠬᠤ ᠳᠣᠭᠤᠶᠢᠯᠠᠩ ᠶᠢᠨ ᠰᠤᠷᠣᠯᠴᠠᠵᠤ ᠶᠠᠷᠢᠯᠴᠠᠵᠤ ᠰᠣᠳᠣᠯᠬᠤ᠂ ᠲᠣᠰᠬᠠᠢ ᠲᠠᠶᠢᠯᠤᠮᠵᠢ ᠶᠢᠨ ᠬᠢᠴᠢᠶᠡᠯ ᠵᠢᠴᠢ ᠰᠢᠨ᠎ᠡ ᠵᠢᠯ ᠴᠠᠭᠠᠨ ᠰᠠᠷ᠎ᠠ ᠣᠯᠠᠮᠵᠢᠯᠠᠯᠲᠤ ᠪᠠᠶᠠᠷ ᠤᠨ ᠡᠳᠦᠷ ᠪᠠᠷ ᠠᠴᠢᠶᠠᠯᠠᠪᠣᠷᠢ ᠪᠣᠯᠭᠠᠵᠤ᠂ ᠭᠤᠣᠯ ᠰᠡᠳᠣᠪᠲᠤ ᠬᠦᠳᠡᠯᠭᠡᠭᠡᠨ ᠦᠷᠨᠢᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠳᠤ ᠠᠮᠢᠳᠤᠯᠢᠭ ᠴᠣᠪᠣᠭᠤᠯᠢᠭ᠂ ᠲᠠᠷᠢᠬᠢᠨ ᠳᠤ ᠬᠠᠳᠠᠩᠰᠢᠭᠤᠯᠵᠤ ᠰᠡᠳᠬᠢᠯ ᠳᠤ ᠬᠠᠳᠠᠩᠰᠢᠭᠤᠯᠬᠤ ᠬᠡᠷᠡᠭᠲᠡᠢ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠪᠠᠷ ᠭᠤᠤᠯ ᠰᠢᠵᠢᠮ ᠪᠣᠯᠭᠠᠵᠤ᠂ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ᠂ ᠨᠠᠮ ᠤᠨ ᠦᠨᠳᠦᠰᠦᠲᠡᠨ ᠤ ᠠᠵᠢᠯ ᠢ ᠲᠠᠰᠤᠷᠠᠯᠲᠠ ᠥᠬᠡᠶ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠲᠠᠰᠤᠷᠠᠯᠲᠠ ᠥᠬᠡᠶ ᠠᠬᠢᠭᠤᠯᠤᠨ᠂ ᠣᠳᠣᠬᠠᠨ ᠤ ᠭᠤᠤᠯᠳᠠᠯᠭ᠎ᠠ ᠲᠠᠢ ᠠᠵᠢᠯ ᠢ ᠠᠬᠢᠭᠤᠯᠵᠤ᠂ ᠵᠥᠷᠢᠴᠡᠯ ᠢ ᠵᠢᠭᠰᠠᠭᠠᠨ ᠪᠠᠶᠢᠴᠠᠭᠠᠬᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠠᠶᠤᠯᠭᠦᠶ ᠦᠢᠯᠡᠳᠪᠦᠷᠢᠯᠡᠯ᠂ ᠬᠤᠷᠰᠢᠭᠰᠠᠨ ᠡᠮ ᠡᠮᠨᠡᠯᠭᠡ ᠶᠢᠨ ᠳᠠᠭᠠᠳᠬᠠᠯ ᠤᠨ ᠮᠦᠩᠬᠦ ᠬᠤᠷᠢᠶᠠᠬᠤ ᠪᠠ ᠴᠠᠭᠠᠨ ᠰᠠᠷ᠎ᠠ ᠶᠢᠨ ᠡᠮᠦᠨ᠎ᠡ ᠬᠤᠶᠢᠨᠠᠬᠢ ᠡᠯ᠎ᠡ ᠵᠦᠢᠯ ᠤᠨ ᠠᠵᠢᠯ ᠢ ᠰᠠᠶᠢᠲᠤᠷ ᠪᠡᠶᠡᠯᠡᠭᠦᠯᠬᠦ ᠬᠡᠷᠡᠭᠲᠡᠶ︔ ᠢᠷᠡᠬᠦ ᠵᠢᠯ ᠤᠨ ᠠᠵᠢᠯ ᠢᠶᠠᠨ ᠰᠠᠶᠢᠲᠤᠷ ᠲᠥᠯᠥᠪᠵᠢᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠠᠵᠤ ᠦᠢᠯᠡᠰᠵᠢᠯᠲᠡ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ᠂ ᠠᠷᠠᠳ ᠤᠨ ᠠᠮᠢᠳᠤᠷᠠᠯ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠨᠠᠮ ᠤᠨ ᠪᠠᠶᠢᠭᠤᠯᠤᠯᠲᠠ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠠᠴᠠ ᠭᠠᠷᠳᠠᠵᠤ᠂ ᠨᠠᠮ ᠤᠨ ᠡᠭᠦᠷ ᠤᠨ ᠱᠦᠵᠢ ᠶᠢᠨ ᠦᠢᠯᠡᠳᠦᠯ ᠢ ᠱᠠᠲᠤ ᠱᠠᠲᠤ ᠪᠠᠷ ᠪᠠᠳᠠᠷᠠᠭᠤᠯᠵᠤ᠂ ᠱᠠᠲᠤ ᠱᠠᠲᠤ ᠪᠠᠷ ᠳᠠᠷᠤᠯᠲᠠ ᠥᠭᠴᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠪᠠᠳᠠᠷᠠᠭᠤᠯᠵᠤ᠂ ᠪᠦᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠱᠠᠭᠠᠷᠳᠠᠪᠠ᠃  
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号