12 ᠰᠠᠷ᠎ᠠ ᠶᠢᠨ 16 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ | ᠳᠠᠷᠤᠭ᠎ᠠ ᠪᠠᠲᠤ ᠬᠤᠰᠢᠭᠤᠨ ᠤ ᠵᠠᠰᠠᠭ ᠤᠨ ᠣᠷᠳᠣᠨ ᠤ 2024 ᠣᠨ ᠤ 14 ᠳ᠋ᠤᠭᠡᠷ ᠤᠳᠠᠭᠠᠨ ᠤ ᠪᠠᠶᠢᠩᠭᠤ ᠶᠢᠨ | ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠦᠨᠳᠦᠰᠦᠲᠡᠨ ᠤ ᠠᠵᠢᠯ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ᠂ ᠭᠤᠣᠯ | ᠮᠥᠷᠡᠨ ᠨᠠᠭᠤᠷ ᠴᠥᠭᠦᠷᠥᠮ ᠤᠨ ᠠᠬᠠᠯᠠᠭᠴᠢ᠂ ᠤᠢ ᠰᠢᠭᠤᠢ ᠶᠢᠨ ᠠᠬᠠᠯᠠᠭᠴᠢ ᠶᠢᠨ ᠲᠦᠷᠢᠮ᠂ ᠪᠡᠯᠴᠢᠭᠡᠷᠯᠡᠭᠦᠯᠬᠦ ᠶᠢ | ᠵᠣᠭᠰᠣᠭᠠᠵᠤ ᠪᠡᠯᠴᠢᠭᠡᠷ ᠢ ᠰᠡᠷᠭᠦᠭᠡᠬᠦ᠂ ᠲᠠᠷᠢᠶᠠᠨ ᠭᠠᠵᠠᠷ ᠤᠨ ᠠᠬᠠᠯᠠᠭᠴᠢ ᠶᠢᠨ ᠲᠦᠷᠢᠮ᠂ ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠤᠭᠰᠠᠨ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ᠂ ᠢᠳᠡᠭᠡᠨ | ᠪᠠ ᠡᠮ ᠤᠨ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠵᠡᠷᠭᠡ | ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠤᠨᠤᠰᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠰᠢᠵᠢᠮ ᠢ ᠴᠢᠩᠭ᠎ᠠ ᠠᠳᠬᠤᠵᠦ᠂ ︽ᠬᠤᠶᠠᠷ ᠶᠡᠭᠡ ᠶᠠᠪᠤᠳᠠᠯ︾ ᠢ | ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠬᠤ ᠬᠡᠷᠡᠭᠲᠡᠢ᠃ ᠬᠠᠥᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠣᠳᠠᠲᠤ ᠪᠠᠶᠢᠳᠠᠯ ᠳᠤ ᠨᠡᠶᠢᠴᠡᠬᠦ ᠬᠠᠮᠢᠶ᠎ᠠ ᠪᠥᠬᠦᠶ | ᠲᠦᠷᠢᠮ ᠪᠠ ᠠᠷᠭ᠎ᠠ ᠬᠡᠮᠵᠢᠶ᠎ᠡ ᠶᠢ ᠪᠠᠶᠢᠭᠤᠯᠤᠨ ᠪᠦᠷᠢᠨᠰᠢᠬᠦᠯᠵᠦ᠂ ᠰᠢᠨᠵᠢᠯᠡᠬᠦ ᠤᠬᠠᠭᠠᠨᠴᠢ ᠣᠨᠣᠯ ᠤᠨ ᠦᠷ᠎ᠡ | ᠪᠦᠲᠦᠭᠡᠯ ᠢᠶᠠᠷ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠢ ᠵᠢᠯᠤᠭᠤᠳᠬᠤ ᠬᠡᠷᠡᠭᠲᠡᠢ᠃ ᠰᠢ ᠶᠢᠨ ᠫᠢᠩ ᠤᠨ ᠠᠮᠢ | ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠷᠢᠭᠤᠴᠠᠯᠭ᠎ᠠ ᠶᠢ | ᠦᠨᠡᠨ ᠬᠦ ᠪᠠᠲᠤ ᠡᠭᠦᠷᠭᠡᠯᠡᠵᠦ᠂ ᠡᠭᠦᠷᠭᠡ ᠶᠢ ᠪᠣᠳᠠᠲᠠᠢ ᠠᠳᠬᠤᠵᠤ᠂ ᠵᠠᠯᠭᠠᠮᠵᠢ ᠢᠨᠵᠧᠨᠧᠷᠢᠩ ᠢ ᠬᠡᠷᠡᠭᠵᠢᠭᠦᠯᠵᠦ᠂ | ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠦᠷ᠎ᠡ ᠪᠦᠲᠦᠭᠡᠯ ᠤᠨ ᠬᠠᠮᠠᠭᠠᠯᠠᠯᠲᠠ ᠶᠢ | ᠴᠢᠩᠭᠠᠳᠬᠠᠵᠤ᠂ ᠪᠦᠬᠦ ᠬᠦᠷᠢᠶ᠎ᠡ ᠴᠠᠷᠠᠭ᠎ᠠ ᠪᠦᠬᠦ ᠶᠠᠪᠤᠴᠠ ᠳᠤ ᠪᠣᠬᠢᠷᠲᠤᠯ ᠦᠭᠡᠢ ᠬᠡᠯᠪᠡᠷᠢ ᠪᠠᠨ ᠬᠤᠪᠢᠷᠠᠭᠤᠯᠤᠨ | ᠬᠥᠭᠵᠢᠬᠦ ᠶᠢ ᠠᠬᠢᠭᠤᠯᠬᠤ ᠬᠡᠷᠡᠭᠲᠡᠢ᠃ ᠲᠠᠷᠢᠶᠠᠨ ᠭᠠᠵᠠᠷ ᠤᠨ ᠬᠡᠷᠡᠭᠯᠡᠭᠡᠨ ᠤ ᠬᠠᠮᠢᠶᠠᠷᠤᠯᠲᠠ ᠶᠢ ᠴᠢᠩᠭᠠᠳᠬᠠᠵᠤ᠂ | ᠲᠠᠷᠢᠶᠠᠨ ᠭᠠᠵᠠᠷ ᠤᠨ ᠠᠬᠠᠯᠠᠭᠴᠢ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠠᠳᠠᠭᠠᠯᠠᠯᠲᠠ ᠶᠢᠨ | ᠬᠡᠮᠵᠢᠶ᠎ᠡ ᠶᠢ ᠡᠷᠡᠰ ᠴᠡᠪᠡᠷᠯᠡᠵᠦ᠂ ᠰᠢᠨ᠎ᠡ ᠪᠠᠷ ᠨᠡᠮᠡᠭᠳᠡᠬᠦ ᠶᠢ ᠬᠤᠷᠢᠭᠯᠠᠵᠤ᠂ ᠦᠨᠳᠦᠰᠦ ᠠᠴᠠ ᠨᠢ ᠵᠠᠰᠠᠵᠤ᠂ | ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠨᠡᠩ | ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ᠂ ᠨᠡᠩ ᠯᠠᠪᠳᠠᠭᠤᠨ ᠪᠠᠲᠤᠲᠠᠢ ᠰᠤᠷᠲᠠᠯ ᠢᠶᠠᠷ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠬᠤ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠪᠦᠲᠦᠮᠵᠢᠲᠡᠢ ᠠᠬᠢᠭᠤᠯᠬᠤ ᠬᠡᠷᠡᠭᠲᠡᠢ᠃ ᠵᠠᠬᠢᠳᠠᠯ | ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠠᠵᠢᠯ ᠢ ᠰᠡᠳᠬᠢᠯ ᠲᠠᠯᠪᠢᠨ ᠬᠦᠴᠦ ᠣᠷᠣᠭᠤᠯᠤᠨ ᠠᠬᠢᠭᠤᠯᠵᠤ᠂ ︽ | ᠵᠠᠷᠭᠤ ᠦᠭᠡᠢ ᠰᠤᠷᠪᠤᠯᠵᠢᠯᠠᠭᠠᠦᠭᠡᠢ︾ ᠬᠤᠶᠠᠷ ᠢ ᠪᠠᠶᠢᠭᠤᠯᠬᠤ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ | ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠡᠬᠢ ᠡᠭᠦᠰᠦᠯ ᠠᠴᠠ ᠨᠢ ᠵᠠᠰᠠᠬᠤ ᠶᠢ ᠴᠢᠩᠭ᠎ᠠ ᠠᠳᠬᠤᠵᠤ᠂ ᠵᠥᠷᠢᠴᠡᠯ | ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠲᠡᠢ᠃ ᠢᠳᠡᠭᠡᠨ ᠪᠠ ᠡᠮ ᠤᠨ ᠵᠦᠢᠯ ᠤᠨ | ᠪᠥᠬᠦ ᠬᠡᠯᠬᠢᠶᠡᠨ ᠤ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ ᠬᠠᠷᠢᠶ᠎ᠠ ᠭᠠᠵᠠᠷ ᠤᠨ | ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠤ | ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠢᠳᠡᠭᠡᠨ ᠪᠠ ᠡᠮ ᠤᠨ ᠵᠦᠢᠯ ᠤᠨ | ᠠᠮᠤᠷ ᠲᠦᠪᠰᠢᠨ ᠢ ᠬᠠᠮᠲᠤ ᠪᠠᠷ ᠵᠠᠰᠠᠬᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ | ᠬᠤᠷᠠᠯ ᠠᠴᠠ ᠠᠭᠤᠯᠠ ᠤᠰᠤᠨ ᠤ ᠢᠨᠵᠧᠨᠧᠷᠢᠩ ᠤᠨ ᠲᠦᠷᠦᠯ ᠵᠦᠢᠯ ᠵᠡᠷᠭᠡ ᠬᠤᠯᠪᠣᠭᠳᠠᠯ ᠪᠦᠬᠦᠢ ᠤᠴᠢᠷ | ᠶᠠᠪᠤᠳᠠᠯ ᠢ ᠰᠤᠳᠤᠯᠵᠤ᠂ ︽ᠡᠪᠬᠡᠮᠡᠯ ᠲᠤᠰᠢᠶᠠᠬᠤ ᠤᠬᠠᠮᠰᠠᠷ︾ ᠢ ᠪᠤᠢ ᠪᠣᠯᠭᠠᠵᠤ᠂ ᠵᠢᠯ ᠤᠨ ᠡᠴᠦᠰ ᠤᠨ | ᠳᠠᠭᠠᠷᠢᠯᠲᠠ ᠶᠢᠨ ᠬᠤᠭᠤᠴᠠᠭ᠎ᠠ ᠶᠢ ᠠᠳᠬᠤᠵᠤ᠂ ᠣᠨ ᠤ ᠡᠯ᠎ᠡ ᠵᠦᠢᠯ ᠤᠨ ᠠᠵᠢᠯ ᠢ ᠪᠡᠶᠡᠯᠡᠭᠦᠯᠦᠭᠰᠡᠨ ᠪᠠᠶᠢᠳᠠᠯ ᠢ | ᠪᠦᠬᠦ ᠲᠠᠯ᠎ᠠ ᠪᠠᠷ ᠡᠮᠬᠢᠯᠡᠵᠦ᠂ ᠡᠯ᠎ᠡ ᠵᠦᠢᠯ ᠤᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠢ ᠴᠢᠩᠭ᠎ᠠ | ᠠᠩᠬᠠᠷᠴᠤ᠂ ᠵᠥᠷᠢᠶ᠎ᠡ ᠶᠢ ᠪᠠᠨ ᠡᠷᠢᠵᠦ᠂ ᠳᠠᠯᠳᠠ ᠬᠦᠴᠦᠨ ᠢᠶᠠᠨ ᠠᠭᠤᠳᠠᠯᠵᠤ᠂ ᠨᠠᠶᠢᠳᠠᠪᠤᠷᠢᠵᠢᠭᠤᠯᠤᠯᠲᠠ ᠶᠢ | ᠠᠳᠬᠤᠵᠤ᠂ ᠪᠦᠲᠦᠮᠵᠢᠲᠡᠢ ᠠᠷᠭ᠎ᠠ ᠬᠡᠮᠵᠢᠶ᠎ᠡ ᠪᠠᠷ ᠡᠯ᠎ᠡ ᠵᠦᠢᠯ ᠤᠨ ᠭᠦᠢᠴᠡᠳᠬᠡᠯ ᠲᠤᠭ᠎ᠠ ᠶᠢ ᠨᠡᠩ ᠰᠠᠶᠢᠲᠤᠷ | ᠪᠡᠶᠡᠯᠡᠭᠦᠯᠵᠦ᠂ ᠰᠡᠭᠦᠯ ᠬᠤᠷᠢᠶᠠᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠢᠷᠡᠬᠦ | ᠵᠢᠯ ᠤᠨ ᠠᠵᠢᠯ ᠤᠨ ᠰᠠᠶᠢᠨ ᠡᠬᠢᠯᠡᠯᠲᠡ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |