12ᠰᠠᠷ᠎ᠠ ᠶᠢᠨ 17 ᠤ ᠡᠳᠦᠷ᠂ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ | ᠳᠠᠷᠤᠭ᠎ᠠ ᠪᠠᠷ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠬᠤᠤ ᠵᠢᠶᠠᠨ ᠬᠤᠸᠠ ᠨᠥᠬᠦᠷ ᠬᠤᠰᠢᠭᠤᠨ ᠤ ᠠᠷᠠᠳ ᠤᠨ | ᠶᠠᠪᠤᠳᠠᠯ ᠤᠨ ᠲᠣᠪᠴᠢᠶᠠᠨ ᠤ ᠪᠠᠶᠢᠭᠤᠯᠭ᠎ᠠ᠂ ᠬᠤᠰᠢᠭᠤᠨ ᠤ ᠣᠷᠤᠭ ᠳᠠᠩᠰᠠᠯᠠᠬᠤ ᠭᠠᠵᠠᠷ᠂ ᠬᠤᠰᠢᠭᠤᠨ ᠤ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ ᠠᠰᠢᠳᠠᠢ ᠨᠠᠰᠤᠲᠠᠨ ᠢ ᠠᠰᠠᠷᠠᠬᠤ ᠬᠦᠷᠢᠶᠡᠯᠡᠩ᠂ | ᠬᠤᠰᠢᠭᠤᠨ ᠤ ᠣᠷᠣᠰᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠬᠦᠷᠴᠦ ᠠᠷᠠᠳ ᠤᠨ ᠶᠠᠪᠤᠳᠠᠯ ᠤᠨ | ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ | | | | | ᠬᠤᠤ ᠵᠢᠶᠠᠨ ᠬᠤᠸᠠ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠡᠯ᠎ᠡ ᠲᠠᠰᠤᠭ ᠢᠶᠠᠷ | ᠲᠣᠭᠤᠷᠢᠨ ᠦᠵᠡᠵᠦ᠂ ᠠᠵᠢᠯ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠪᠥᠬᠦ | ᠬᠤᠰᠢᠭᠤᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ | ᠶᠠᠪᠤᠳᠠᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠᠷ ᠦᠨᠳᠦᠰᠦᠨ | ᠵᠢᠷᠤᠮᠯᠠᠯ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ | ᠦᠢᠯᠡᠳᠦᠯᠭᠡᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ ᠶᠢ ᠪᠠᠷᠢᠮᠲᠠᠯᠠᠬᠤ ᠬᠡᠷᠡᠭᠲᠡᠢ︔ ᠥᠷᠭᠡᠨ ᠣᠯᠠᠨ ᠠᠷᠠᠳ ᠲᠦᠮᠡᠨ ᠤ ︽ᠪᠠᠴᠢᠮᠳᠠᠵᠤ ᠬᠦᠴᠢᠷᠳᠡᠵᠦ | ᠵᠣᠪᠠᠨᠢᠵᠤ ᠬᠦᠰᠡᠵᠦ︾ ᠪᠠᠶᠢᠭ᠎ᠠ ᠶᠠᠪᠤᠳᠠᠯ ᠢ ᠭᠤᠣᠯ ᠪᠣᠯᠭᠠᠵᠦ᠂ ︽ᠠᠷᠠᠳ ᠤᠨ ᠶᠠᠪᠤᠳᠠᠯ ᠨᠢ ᠠᠷᠠᠳ ᠤᠨ | ᠲᠦᠯᠦᠭᠡ᠂ ᠠᠷᠠᠳ ᠤᠨ ᠶᠠᠪᠤᠳᠠᠯ ᠨᠢ ᠠᠷᠠᠳ ᠢᠶᠠᠨ ᠬᠠᠶᠢᠷᠠᠯᠠᠬᠤ︾ ᠠᠵᠢᠯ ᠤᠨ ᠣᠶᠢᠯᠠᠭᠠᠭᠳᠠᠬᠤᠨ ᠢ | ᠦᠢᠯᠡᠳᠦᠯᠭᠡᠵᠢᠭᠦᠯᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠷᠠᠳ ᠤᠨ ᠶᠠᠪᠤᠳᠠᠯ ᠤᠨ | ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ︔ ᠡᠩᠨᠡᠭᠡᠨ ᠤ | ᠪᠠᠶᠢᠭᠤᠯᠤᠯᠲᠠ ᠶᠢ ᠤᠷᠳᠤ ᠬᠤᠭᠤᠴᠠᠭ᠎ᠠ ᠪᠠᠷ ᠴᠢᠩᠭᠠᠳᠬᠠᠵᠤ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ | ᠡᠷᠬᠢᠮᠯᠡᠵᠦ᠂ ᠪᠣᠳᠠᠲᠠᠢ ᠶᠢ ᠡᠷᠬᠢᠮᠯᠡᠨ ᠤᠷᠤᠭᠰᠢᠯᠠᠨ ᠳᠠᠪᠰᠢᠵᠤ ᠰᠤᠷᠲᠠᠯ ᠢᠶᠠᠨ ᠴᠢᠩᠭᠠᠳᠬᠠᠵᠤ᠂ ᠤᠷᠳᠤ | ᠬᠤᠭᠤᠴᠠᠭ᠎ᠠ ᠪᠠᠷ ᠴᠢᠷᠮᠠᠶᠢᠨ ᠠᠮᠤᠷ ᠲᠦᠪᠰᠢᠨ ᠢ ᠠᠳᠬᠤᠵᠤ᠂ ᠠᠷᠠᠳ ᠤᠨ ᠶᠠᠪᠤᠳᠠᠯ ᠤᠨ ᠺᠠᠳ᠋ᠷ ᠤᠨ ᠡᠩᠨᠡᠭᠡᠨ ᠤ | ᠰᠠᠶᠢᠨ ᠰᠠᠶᠢᠬᠠᠨ ᠲᠦᠷᠢ ᠲᠥᠷᠬᠦ ᠶᠢ ᠪᠤᠢ ᠪᠣᠯᠭᠠᠬᠤ ᠬᠡᠷᠡᠭᠲᠡᠢ ᠭᠡᠪᠡ᠃ | | | | | ᠣᠷᠣᠰᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠲᠤ᠂ ᠬᠤᠤ ᠵᠢᠶᠠᠨ ᠬᠤᠸᠠ ᠲᠤᠬᠠᠢ ᠶᠢᠨ | ᠭᠠᠵᠠᠷ ᠲᠤᠨᠢ ᠪᠠᠶᠢᠴᠠᠭᠠᠨ ᠦᠵᠡᠬᠦ ᠪᠠᠷ ᠳᠠᠮᠵᠢᠨ ᠵᠠᠷᠤᠳ ᠣᠷᠣᠰᠢᠭᠤᠯᠭ᠎ᠠ ᠶᠢᠨ ᠭᠠᠵᠠᠷ ᠤᠨ ᠲᠤᠨᠤᠭ | ᠲᠥᠬᠦᠭᠡᠷᠦᠮᠵᠢ ᠶᠢᠨ ᠲᠤᠬᠢᠷᠠᠭᠤᠯᠤᠯᠳᠠ᠂ ᠡᠵᠡᠩᠨᠡᠯᠲᠡ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠵᠡᠷᠭᠡ | ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠣᠷᠣᠰᠢᠭᠤᠯᠭ᠎ᠠ ᠶᠢᠨ ᠦᠢᠯᠡᠴᠢᠯᠡᠭᠡᠨ ᠤ ᠠᠵᠢᠯ ᠳᠤ ᠲᠣᠳᠣᠷᠬᠠᠢ | ᠱᠠᠭᠠᠷᠳᠠᠯᠭ᠎ᠠ ᠳᠤᠷᠠᠳᠴᠠᠢ᠃ ᠲᠡᠷᠡ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠢ | ᠬᠠᠷᠢᠭᠤᠯᠲᠠ ᠥᠭᠴᠦ᠂ ᠣᠷᠣᠰᠢᠭᠤᠯᠭ᠎ᠠ ᠶᠢᠨ ᠲᠦᠷᠦᠯ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ | ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠳᠤᠲᠠᠭᠳᠠᠯ ᠲᠠᠢ ᠪᠠᠭᠤᠷᠠᠢ ᠲᠠᠯ᠎ᠠ ᠶᠢ ᠲᠠᠰᠤᠷᠠᠯᠲᠠ | ᠦᠭᠡᠢ ᠨᠥᠬᠦᠪᠥᠷᠢᠯᠡᠬᠦ ᠬᠡᠷᠡᠭᠲᠡᠢ᠃ ᠳᠣᠲᠣᠭᠠᠳᠤ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠲᠦᠷᠢᠮ ᠲᠣᠭᠲᠠᠭᠠᠯ ᠢ | ᠲᠡᠭᠦᠯᠳᠡᠷᠵᠢᠭᠦᠯᠦᠨ᠂ ᠦᠨ᠎ᠡ ᠬᠠᠩᠰᠢ ᠶᠢ ᠢᠯᠡ ᠨᠡᠶᠢᠲᠡᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠦᠢᠯᠡᠴᠢᠯᠡᠭᠡᠨ ᠤ | ᠵᠢᠷᠤᠮᠵᠢᠯ ᠪᠠ ᠠᠵᠢᠯᠯᠠᠭᠠᠨ ᠤ ᠲᠦᠷᠢᠮ ᠢ ᠰᠢᠯᠢᠳᠡᠭᠵᠢᠭᠦᠯᠦᠨ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ | ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠣᠷᠣᠰᠢᠭᠤᠯᠭ᠎ᠠ ᠶᠢᠨ ᠦᠢᠯᠡᠴᠢᠯᠡᠭᠡᠨ ᠤ | ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ᠂ ᠲᠦᠷᠢ ᠲᠥᠷᠬᠦ ᠶᠢ ᠪᠤᠢ ᠪᠣᠯᠭᠠᠬᠤ ᠶᠢ ᠪᠦᠬᠦ ᠬᠦᠴᠦᠨ ᠢᠶᠠᠷ ᠢᠶᠠᠨ | ᠠᠬᠢᠭᠤᠯᠵᠤ᠂ ᠪᠣᠯᠪᠠᠰᠤᠨ᠂ ᠳᠣᠲᠣᠨᠣ᠂ ᠠᠷᠠᠳ ᠲᠤ ᠲᠦᠭᠦᠮ ᠦᠵᠡᠭᠦᠯᠬᠦ᠂ ᠠᠷᠠᠳ ᠲᠤ ᠠᠰᠢᠭᠲᠠᠢ | ᠦᠢᠯᠡᠴᠢᠯᠡᠭᠡᠨ ᠤ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠢ ᠭᠡᠪᠡ᠃ |