ᠪᠠᠲᠤ ᠬᠤᠰᠢᠭᠤᠨ ᠳᠠᠷᠤᠭ᠎ᠠ ᠶᠢᠨ ᠠᠯᠪᠠᠨ ᠬᠤᠷᠠᠯ ᠢ ᠡᠷᠭᠢᠯᠡᠨ ᠬᠢᠪᠡ
ᠨᠡᠶᠢᠲᠡᠯᠡᠭᠰᠡᠨ ᠴᠠᠭ᠄
2024/12/2
       11 ᠰᠠᠷ᠎ᠠ ᠶᠢᠨ 30 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠠᠲᠤ ᠬᠤᠰᠢᠭᠤᠨ ᠳᠠᠷᠤᠭ᠎ᠠ ᠶᠢᠨ ᠠᠯᠪᠠᠨ ᠬᠤᠷᠠᠯ ᠢ ᠡᠷᠭᠢᠯᠡᠨ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ᠂ ᠳᠡᠳ᠋ ᠬᠤᠰᠢᠭᠤᠨ ᠳᠠᠷᠤᠭ᠎ᠠ ᠢᠦᠶ ᠬᠠᠶ ᠪᠦᠦ᠂ ᠫᠠᠨ ᠫᠧᠩ ᠹᠸᠢ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
f2aa6bf00833e845688eb0fcf05ffaa.jpg
     ᠬᠤᠷᠠᠯ ᠠᠴᠠ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠡᠨᠧᠷᠭᠢ᠂ ᠥᠷᠢ ᠰᠢᠷᠢ ᠶᠢ ᠠᠷᠢᠯᠭᠠᠬᠤ᠂ ᠠᠶᠤᠯᠭᠦᠢ ᠦᠢᠯᠡᠳᠪᠦᠷᠢᠯᠡᠯ᠂ ᠠᠵᠤ ᠦᠢᠯᠡᠳᠪᠦᠷᠢ᠂  ᠬᠤᠳᠠᠯᠳᠣᠭᠠᠴᠢᠨ ᠤᠷᠢᠵᠤ ᠪᠡᠯᠡ ᠲᠠᠲᠠᠬᠤ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ᠂ ᠠᠵᠤ ᠦᠢᠯᠡᠰ ᠤᠨ ᠲᠣᠭᠤᠷᠢᠭ ᠤᠨ ᠪᠦᠳᠦᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠰᠢᠨᠵᠢᠯᠡᠭᠡ ᠮᠡᠷᠭᠡᠵᠢᠯ ᠵᠡᠷᠭᠡ ᠬᠦᠷᠢᠶᠡᠨ ᠤ 2024 ᠣᠨ ᠤ ᠭᠤᠣᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ ᠪᠣᠯᠤᠨ 2025ᠣᠨ ᠵᠢᠴᠢ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠭᠤᠣᠯᠳᠠᠯᠭ᠎ᠠ ᠲᠠᠢ ᠲᠦᠷᠦᠯ ᠵᠦᠢᠯ ᠢ ᠲᠥᠯᠥᠪᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃     ᠬᠤᠷᠠᠯ ᠠᠴᠠ᠂ ᠪᠦᠬᠦ ᠵᠢᠯ ᠤᠨ ᠬᠠᠷᠠᠯᠲᠠ ᠪᠠ ᠵᠢᠯ ᠤᠨ ᠡᠬᠢᠨ ᠳᠤ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠶᠢᠨ ᠲᠣᠭᠤᠷᠢᠨ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠤᠲᠠᠭᠳᠠᠯ ᠪᠠᠭᠤᠷᠠᠢ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠨᠣᠴᠠᠲᠠᠢ ᠠᠷᠭ᠎ᠠ ᠪᠤᠳᠤᠯᠭ᠎ᠠ ᠬᠡᠷᠡᠭᠵᠢᠭᠦᠯᠦᠨ ᠬᠦᠴᠦᠯᠡᠵᠦ᠂ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠴᠠᠭ ᠬᠤᠭᠤᠴᠠᠭ᠎ᠠ ᠶᠢ ᠴᠢᠩᠭ᠎ᠠ ᠠᠩᠬᠠᠷᠴᠤ᠂ ᠮᠥᠷᠳᠡᠨ ᠲᠣᠬᠢᠷᠠᠭᠤᠯᠬᠤ ᠪᠠᠨ ᠴᠢᠩᠭᠠᠳᠬᠠᠵᠤ᠂ ᠪᠥᠬᠦ ᠬᠦᠴᠦᠨ ᠢᠶᠠᠷ ᠢᠶᠠᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠣᠨᠣᠴᠠᠲᠠᠢ ᠵᠣᠯᠭᠠᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠶᠤᠯ ᠲᠦᠭᠰᠢᠭᠦᠷᠢ ᠶᠢᠨ ᠲᠣᠬᠠᠢ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤᠳᠬᠠᠵᠤ᠂ ᠬᠦᠳᠡᠭᠡ ᠲᠣᠰᠬᠤᠨ ᠮᠠᠯᠵᠢᠬᠤ ᠣᠷᠣᠨ ᠤ ᠠᠶᠤᠯ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠭᠦᠨᠵᠡᠭᠡᠢ ᠥᠷᠨᠢᠭᠦᠯᠵᠦ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠲᠦᠷᠦ ᠶᠢᠨ ᠪᠤᠳᠤᠯᠭ᠎ᠠ ᠶᠢᠨ ᠡᠬᠢ ᠪᠠᠶᠠᠯᠢᠭ ᠢ ᠠᠮᠢᠳᠤᠯᠢᠭ ᠰᠠᠶᠢᠲᠤᠷ ᠬᠡᠷᠡᠭᠯᠡᠵᠦ᠂ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠥᠷᠢ ᠥᠭᠴᠡᠭᠡ ᠨᠡᠮᠡᠭᠳᠡᠬᠦ ᠶᠢ ᠡᠷᠡᠰ ᠬᠤᠷᠢᠭᠯᠠᠵᠤ᠂ ᠥᠨᠦ ᠶᠢᠨ ᠪᠠᠶᠢᠭ᠎ᠠ ᠥᠷᠢ ᠥᠭᠴᠡᠭᠡ ᠪᠠᠨ ᠰᠢᠢᠳᠪᠦᠷᠢᠯᠡᠵᠦ᠂ ᠥᠷᠢ ᠥᠭᠴᠡᠭᠡ ᠶᠢ ᠪᠠᠭᠠᠰᠬᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠪᠣᠷᠢᠯᠠᠪᠠ᠃     ᠬᠤᠷᠠᠯ ᠠᠴᠠ᠂ ᠠᠵᠤ ᠠᠬᠤᠶ ᠶᠢᠨ ᠠᠵᠢᠯ ᠶᠢᠨ ᠠᠳᠬᠤᠬᠤ ᠨᠢ ᠲᠡᠷᠢᠭᠦᠨ ᠴᠢᠬᠤᠯᠠ ᠨᠢ ᠠᠵᠤ ᠦᠢᠯᠡᠰ ᠤᠨ ᠲᠥᠷᠥᠯ ᠵᠦᠢᠯ ᠢ ᠠᠳᠬᠤᠬᠤ ᠳᠤ ᠪᠤᠢ᠂ ᠡᠷᠬᠡᠪᠰᠢ ᠴᠢᠨᠠᠷ ᠰᠠᠶᠢᠲᠠᠶ ᠬᠦᠭᠵᠢᠬᠦ ᠡᠨᠡᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ︽ᠪᠥᠬᠦ ᠲᠠᠯ᠎ᠠ ᠶᠢ ᠪᠣᠳᠣᠯᠬᠢᠯᠠᠨ᠂ ᠰᠠᠭᠤᠷᠢ ᠶᠢ ᠲᠠᠯᠪᠢᠵᠤ᠂ ᠠᠯᠤᠰ ᠬᠡᠲᠦ ᠳᠤ ᠠᠰᠢᠭᠲᠠᠶ ᠪᠠᠶᠢᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠪᠠᠶᠢᠯᠳᠤᠬᠤ ᠪᠣᠳᠣᠯᠭ᠎ᠠ ᠵᠢᠴᠢ ᠣᠷᠣᠨ ᠬᠤᠲᠠ ᠬᠤᠶᠠᠷ ᠱᠠᠲᠤᠨ ᠤ ᠬᠥᠭᠵᠢᠯᠲᠡ ᠶᠢᠨ ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠪᠥᠬᠦ ᠬᠤᠰᠢᠭᠤᠨ ᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠤᠨ ᠲᠥᠯᠥᠪᠵᠢᠭᠦᠯᠭᠡ ᠶᠢ ᠪᠣᠳᠠᠲᠠᠶᠢᠵᠢᠭᠤᠯᠤᠨ ᠰᠢᠯᠢᠳᠡᠭᠵᠢᠭᠦᠯᠬᠦ ᠬᠡᠷᠡᠭᠲᠡᠶ᠃ ᠪᠥᠬᠦ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠲᠥᠷᠥ ᠶᠢᠨ ᠪᠣᠳᠣᠯᠭ᠎ᠠ ᠶᠢᠨ ᠰᠤᠳᠤᠯᠭᠠᠨ ᠢᠶᠠᠨ ᠴᠢᠩᠭᠠᠳᠬᠠᠵᠤ᠂ ᠲᠥᠷᠥᠯ ᠵᠦᠢᠯ ᠢ ᠰᠢᠰᠲ᠋ᠧᠮ ᠲᠠᠢ ᠲᠥᠯᠥᠪᠵᠢᠭᠦᠯᠵᠦ᠂ ᠲᠥᠷᠥᠯ ᠵᠦᠢᠯ ᠢ ᠣᠷᠣᠭᠤᠯᠤᠨ ᠠᠪᠴᠢᠷᠠᠬᠤ ᠶᠢ ᠴᠢᠩᠭᠠᠳᠬᠠᠨ᠂ ︽ᠶᠠᠭᠤ ᠳᠤᠲᠠᠪᠠᠯ ᠶᠠᠭᠤ ᠶᠢ ᠲᠠᠲᠠᠨ ᠣᠷᠣᠭᠤᠯᠵᠤ᠂ ᠠᠯᠢ ᠲᠠᠯ᠎ᠠ ᠪᠠᠭᠤᠷᠠᠶ ᠪᠣᠯ ᠲᠡᠷᠡ ᠲᠠᠯ᠎ᠠ ᠶᠢ ᠨᠥᠬᠦᠪᠥᠷᠢᠯᠡᠬᠦ︾ ᠵᠠᠷᠴᠢᠮ ᠶᠣᠰᠣᠭᠠᠷ᠂ ᠭᠤᠤᠯᠯᠠᠬᠤ ᠠᠵᠤ ᠦᠢᠯᠡᠰ ᠤᠨ ᠲᠣᠭᠤᠷᠢᠨ ᠳᠤ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠬᠤ ᠶᠢ ᠥᠷᠨᠢᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠳᠣᠲᠠᠭᠳᠠᠯ ᠢ ᠬᠦᠴᠦᠯᠡᠨ ᠨᠥᠬᠦᠪᠥᠷᠢᠯᠡᠵᠦ᠂ ᠠᠵᠤ ᠦᠢᠯᠡᠰ ᠤᠨ ᠰᠠᠭᠤᠷᠢ ᠴᠢᠳᠠᠪᠤᠷᠢ ᠪᠠ ᠠᠵᠤ  ᠦᠢᠯᠡᠰ ᠤᠨ ᠬᠡᠯᠬᠢᠶ᠎ᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ ᠠᠵᠤ ᠦᠢᠯᠡᠰ ᠤᠨ ᠲᠣᠭᠤᠷᠢᠭ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠪᠦᠬᠦᠯᠢ ᠴᠣᠭᠴᠠ ᠶᠢᠨ ᠲᠥᠯᠥᠪᠵᠢᠭᠦᠯᠭᠡ ᠶᠢ ᠲᠡᠭᠦᠯᠳᠡᠷᠵᠢᠭᠦᠯᠦᠨ᠂  ᠤᠶᠠᠨ ᠬᠠᠲᠠᠭᠤ ᠲᠣᠨᠤᠭ ᠤᠨ ᠳᠣᠲᠠᠭᠳᠠᠯ ᠢ ᠨᠥᠬᠦᠪᠥᠷᠢᠯᠡᠵᠦ᠂ ᠠᠵᠤ ᠦᠢᠯᠡᠰ ᠤᠨ ᠲᠣᠭᠤᠷᠢᠭ ᠤᠨ ᠡᠷᠬᠢᠨ ᠲᠣᠭᠤᠷᠢᠨ ᠤ ᠵᠠᠮ ᠤᠨ ᠲᠣᠤᠷ ᠵᠢᠴᠢ ᠢᠵᠢ ᠪᠥᠷᠢᠳᠦᠭᠦᠯᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠨ᠂ ᠬᠦᠷᠢᠶᠡᠯᠡᠩ ᠲᠣᠭᠤᠷᠢᠭ ᠤᠨ ᠳᠠᠭᠠᠭᠠᠴᠠ ᠶᠢᠨ ᠴᠢᠳᠠᠪᠤᠷᠢ ᠶᠢ ᠲᠠᠰᠤᠷᠠᠯᠲᠠ ᠥᠬᠡᠶ ᠴᠢᠩᠭᠠᠳᠬᠠᠵᠤ᠂ ᠠᠵᠤ ᠦᠢᠯᠡᠰ ᠤᠨ ᠲᠥᠪᠯᠡᠷᠡᠯ ᠤᠨ ᠬᠡᠮᠵᠢᠶ᠎ᠡ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠶ᠃ ᠳᠣᠣᠷ᠎ᠠ ᠠᠭᠠᠷ ᠤᠨ ᠠᠵᠤ ᠠᠬᠤᠢ᠂ ᠲᠤᠮᠤ ᠳ᠋ᠠᠶᠢᠲ᠋ᠠ᠂ ᠬᠢᠮᠡᠯ ᠤᠶᠤᠨ ᠵᠡᠷᠭᠡ ᠬᠦᠷᠢᠶ᠎ᠡ ᠴᠠᠷ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠴᠠᠭᠠᠨ ᠰᠤᠳᠤᠯᠤᠯᠲᠠ ᠬᠢᠬᠦ ᠶᠢ ᠴᠢᠩᠭᠠᠳᠬᠠᠵᠤ᠂ ᠠᠵᠤ ᠦᠢᠯᠡᠰ ᠤᠨ ᠲᠦᠷᠦᠭᠦᠨ ᠤ ᠪᠠᠶᠢᠳᠠᠯ ᠢ ᠨᠢᠭᠲᠠ ᠠᠩᠬᠠᠷᠴᠤ᠂ ᠬᠤᠳᠠᠯᠳᠣᠭᠠᠴᠢᠨ ᠤᠷᠢᠬᠤ ᠲᠥᠯᠥᠪᠵᠢᠭᠦᠯᠭᠡ ᠶᠢ ᠰᠠᠶᠢᠲᠤᠷ ᠬᠢᠵᠦ᠂ ᠰᠢᠨ᠎ᠡ ᠬᠦᠷᠢᠶ᠎ᠡ ᠴᠠᠷ᠎ᠠ᠂ ᠰᠢᠨ᠎ᠡ ᠤᠷᠤᠯᠳᠤᠭᠠᠨ ᠤ ᠵᠠᠮ ᠢ ᠢᠳᠡᠪᠬᠢᠲᠡᠢ ᠠᠮᠵᠢᠵᠤ᠂ ᠰᠢᠨ᠎ᠡ ᠳᠠᠪᠠᠭᠤᠯᠢᠭ ᠢ ᠴᠢᠷᠮᠠᠶᠢᠨ ᠪᠤᠢ ᠪᠣᠯᠭᠠᠵᠤ᠂ ᠰᠢᠨ᠎ᠡ ᠬᠥᠳᠡᠯᠭᠡᠬᠦ ᠬᠦᠴᠦᠨ ᠢ ᠪᠠᠳᠠᠷᠠᠭᠤᠯᠬᠤ ᠬᠡᠷᠡᠭᠲᠡᠢ᠃ ︽ᠠᠭᠤᠷᠬᠠᠢ ᠡᠷᠢᠬᠦ ᠠᠵᠢᠯᠯᠠᠭ᠎ᠠ︾ ᠶᠢ ᠥᠷᠨᠢᠭᠦᠯᠵᠦ᠂ ᠠᠭᠤᠷᠬᠠᠢ ᠶᠢᠨ ᠭᠠᠷᠤᠯᠲᠠ ᠶᠢ ᠬᠠᠶᠢᠨ ᠪᠠᠶᠢᠴᠠᠭᠠᠵᠤ ᠨᠡᠭᠡᠭᠡᠨ ᠠᠰᠢᠭᠯᠠᠬᠤ ᠶᠢᠨ ᠰᠠᠭᠤᠷᠢ ᠪᠠᠲᠤᠯᠠᠭ᠎ᠠ ᠪᠠ ᠰᠢᠨᠵᠢᠯᠡᠭᠡ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ᠂ ᠠᠭᠤᠷᠬᠠᠢ ᠶᠢᠨ ᠭᠠᠷᠤᠯᠲᠠ ᠶᠢᠨ ᠦᠢᠯᠡᠳᠪᠦᠷᠢᠯᠡᠯ ᠤᠨ ᠬᠠᠶᠢᠨ ᠰᠢᠨᠵᠢᠯᠡᠯᠲᠡ ᠶᠢᠨ ᠡᠷᠲᠡᠬᠡᠨ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠣᠷᠴᠢᠨ ᠲᠣᠭᠤᠷᠢᠨ ᠤ ᠬᠠᠮᠠᠭᠠᠯᠠᠯᠲᠠ ᠶᠢ  ᠬᠢᠨᠠᠨ ᠪᠠᠶᠢᠴᠠᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠪᠣᠯ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠨᠢᠭᠡ ᠤᠳᠠᠭᠠᠨ ᠤ ︽ᠤᠯᠤᠰ ᠲᠥᠷᠥ ᠶᠢᠨ ᠪᠡᠶ᠎ᠡ ᠶᠢᠨ ᠪᠠᠶᠢᠴᠠᠭᠠᠯᠲᠠ︾ ᠮᠥᠨ᠂ ᠪᠥᠬᠦ ᠬᠤᠰᠢᠭᠤᠨ ᠤ ᠥᠨᠳᠥᠷ ᠬᠢᠷᠢ ᠲᠦᠪᠰᠢᠨ ᠪᠥᠬᠦᠶ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠴᠢᠬᠤᠯᠠ ᠰᠢᠵᠢᠮ ᠮᠥᠨ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠠᠵᠢᠯ ᠲᠦᠷᠦᠯ ᠤᠨ ᠭᠤᠣᠯᠯᠠᠨ ᠬᠠᠮᠢᠶᠠᠷᠬᠤ ᠬᠠᠷᠢᠭᠤᠴᠠᠯᠭ᠎ᠠ ᠪᠣᠯᠤᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠪᠠᠷ ᠠᠵᠢᠯ ᠢ ᠠᠬᠢᠭᠤᠯᠵᠤ᠂ ᠬᠠᠷᠠᠯᠲᠠ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠵᠤ᠂ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ︽ᠪᠦᠬᠦᠨ ᠢ ᠰᠢᠢᠳᠪᠦᠷᠢᠯᠡᠬᠦ︾ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号