ᠵᠠᠩ ᠯᠢ ᠭᠦᠸᠧ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠠᠵᠢᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/12/24
      12 ᠰᠠᠷ᠎ᠠ ᠶᠢᠨ 23 ᠤ ᠡᠳᠦᠷ᠂ ᠳᠡᠳ᠋ ᠬᠤᠰᠢᠭᠤᠨ ᠳᠠᠷᠤᠭ᠎ᠠ ᠵᠠᠩ ᠯᠢ ᠭᠦᠸᠧ ᠤᠷᠢᠳ ᠬᠤᠵᠢᠳ ᠯᠦᠪᠸᠢ ᠵᠡᠭᠡᠯᠢ ᠭᠤᠳᠤᠮᠵᠢ᠂ ᠭᠠᠭ᠋ᠠᠶᠢᠲᠤ ᠪᠠᠯᠭᠠᠰᠤ ᠵᠡᠷᠭᠡ ᠭᠠᠵᠠᠷ ᠲᠤ ᠬᠦᠷᠴᠦ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠠᠵᠢᠯ ᠢ ᠬᠢᠨᠠᠨ ᠵᠢᠯᠣᠭᠤᠳᠪᠠ᠃ ᠰᠠᠭᠤᠳᠠᠯ ᠤᠨ ᠬᠤᠷᠠᠯ ᠳᠡᠭᠡᠷ᠎ᠡ᠂ ᠡᠯ᠎ᠡ ᠵᠡᠭᠡᠯᠢ ᠭᠤᠳᠤᠮᠵᠢ ᠨᠡᠶᠢᠭᠡᠮ ᠲᠣᠭᠤᠷᠢᠭ᠂ ᠰᠤᠮᠤ ᠪᠠᠯᠭᠠᠰᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠮᠦᠩᠬᠦ ᠶᠢ ᠬᠤᠷᠢᠶᠠᠵᠤ ᠪᠠᠶᠢᠭ᠎ᠠ ᠪᠠᠶᠢᠳᠠᠯ ᠵᠢᠴᠢ ᠲᠠᠷᠠᠭᠠᠴᠢ ᠶᠢᠨ ᠠᠵᠢᠯ ᠤᠨ ᠲᠣᠬᠢᠷᠠᠭᠤᠯᠤᠯᠲᠠ ᠶᠢ ᠨᠠᠷᠢᠨ ᠣᠶᠢᠯᠠᠭᠠᠪᠠ᠃ ᠵᠠᠩ ᠯᠢ ᠭᠦᠸᠧ  ᠠᠴᠠ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠠᠬᠢᠴᠠ ᠶᠢᠨ ᠪᠠᠶᠢᠳᠠᠯ ᠢ ᠦᠨᠳᠦᠰᠦᠯᠡᠨ᠂ ᠡᠯ᠎ᠡ ᠨᠡᠶᠢᠭᠡᠮ ᠲᠣᠭᠤᠷᠢᠭ᠂ ᠰᠤᠮᠤ ᠪᠠᠯᠭᠠᠰᠤᠨ ᠤ ᠬᠤᠷᠢᠶᠠᠨ ᠲᠤᠰᠢᠶᠠᠬᠤ ᠠᠵᠢᠯ ᠳᠤ ᠱᠠᠲᠤ ᠬᠤᠪᠢᠶᠠᠨ ᠵᠠᠳᠠᠯᠤᠨ ᠨᠠᠷᠢᠯᠢᠬᠵᠢᠭᠤᠯᠬᠤ ᠬᠡᠷᠡᠭᠲᠡᠶ᠃ ᠤᠨᠤᠴᠠᠳᠠᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠳᠤ ᠴᠢᠭᠯᠡᠭᠦᠯᠦᠨ ᠵᠣᠬᠢᠴᠠᠩᠭᠤᠢ ᠪᠦᠲᠦᠮᠵᠢᠲᠡᠢ ᠠᠷᠭ᠎ᠠ ᠬᠡᠮᠵᠢᠶ᠎ᠡ ᠲᠣᠭᠲᠠᠭᠠᠵᠤ᠂ ᠬᠠᠮᠢᠶ᠎ᠠ ᠪᠦᠬᠦᠢ ᠠᠰᠠᠭᠤᠳᠠᠯ ᠢ ᠲᠦᠷᠭᠡᠨ ᠪᠥᠭᠡᠳ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠡᠭᠦᠨ ᠤ ᠬᠠᠮᠲᠤ᠂ ᠠᠵᠢᠯ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠷᠢᠶᠠᠨ ᠲᠤᠰᠢᠶᠠᠬᠤ ᠠᠵᠢᠯ ᠳᠤ ᠰᠢᠮᠳᠠᠭᠤᠯᠤᠨ ᠵᠢᠯᠣᠭᠤᠳᠬᠤ ᠶᠢ ᠥᠷᠨᠢᠭᠦᠯᠵᠦ᠂ ᠳᠠᠭᠠᠳᠬᠠᠯ ᠳᠤ ᠣᠷᠣᠯᠴᠠᠬᠤ ᠴᠢᠨᠠᠷ ᠰᠠᠶᠢᠲᠠᠶ ᠦᠢᠯᠡᠴᠢᠯᠡᠭᠡᠨ ᠤ ᠣᠷᠴᠢᠨ ᠨᠥᠬᠦᠴᠡᠯ ᠢ ᠪᠣᠶ ᠪᠣᠯᠭᠠᠬᠤ ᠬᠡᠷᠡᠭᠲᠡᠶ ᠭᠡᠪᠡ᠃     
微信图片_20241224094440.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号