ᠵᠠᠷᠤᠳ ᠬᠤᠰᠢᠭᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠺᠠᠳ᠋ᠷ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/12/24
   12 ᠰᠠᠷ᠎ᠠ ᠶᠢᠨ 23 ᠤ ᠡᠳᠦᠷ᠂ ᠵᠠᠷᠤᠳ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠺᠠᠳ᠋ᠷ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠬᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠢᠦᠶ ᠯᠢᠩ ᠬᠤᠤ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠡᠯ᠎ᠡ ᠰᠤᠮᠤ ᠪᠠᠯᠭᠠᠰᠤ ᠲᠠᠯᠠᠪᠠᠢ ︵ᠵᠡᠭᠡᠯᠢ ᠭᠤᠳᠤᠮᠵᠢ︶ ᠶᠢᠨ ᠤᠬᠠᠭᠤᠯᠬᠤ ᠭᠡᠰᠢᠭᠦᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠬᠦᠮ᠂ ᠲᠦᠪ ᠤᠷᠤᠨ ᠬᠤᠲᠠ ᠶᠢᠨ ᠵᠠᠷᠤᠳ ᠳᠤ ᠰᠠᠭᠤᠭ᠎ᠠ ᠰᠢᠭᠤᠳ ᠬᠠᠷᠢᠶ᠎ᠠ ᠡᠯ᠎ᠡ ᠨᠢᠭᠡᠴᠡ ᠵᠢᠴᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠨᠡᠶᠢᠲᠡ 120 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠪᠠ᠃   
微信图片_20241224094308.bmp
    ᠢᠦᠢ ᠯᠢᠩ ᠬᠤᠤ ᠠᠴᠠ᠂ ᠨᠢᠭᠡ ᠵᠢᠯ ᠤᠨ ᠲᠤᠷᠰᠢ᠂ ᠪᠦᠬᠦ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠣᠨᠲ ᠤᠨ ᠬᠢᠨ ᠳᠡᠭᠡᠳᠦ ᠬᠡᠮᠵᠢᠶᠡᠨ ᠤ ᠤᠯᠤᠰ ᠲᠦᠷᠦ ᠶᠢᠨ ᠡᠭᠦᠷᠭᠡᠲᠦ ᠪᠤᠳᠤᠯ ᠪᠣᠯᠤᠨ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠᠷ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠭᠤᠣᠯ ᠰᠡᠳᠦᠪ ᠭᠤᠣᠯ ᠱᠤᠭᠤᠮ ᠤᠨ ᠲᠣᠭᠤᠷᠢᠨ ᠳᠤ ︽ᠲᠤᠭ ᠢᠶᠠᠨ ᠮᠠᠨᠳᠤᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠦᠨ ᠢ ᠬᠥᠮᠦᠵᠢᠭᠦᠯᠬᠦ᠂ ᠰᠣᠶᠣᠯ ᠢ ᠴᠡᠴᠡᠭᠯᠡᠬᠦᠯᠬᠦ᠂ ᠲᠦᠷᠢ ᠲᠥᠷᠬᠦ ᠪᠠᠨ ᠱᠤᠭᠤᠬᠤ︾ ᠡᠭᠦᠷᠭᠡ ᠬᠠᠷᠢᠭᠤᠴᠠᠯᠭ᠎ᠠ ᠶᠢ ᠪᠠᠲᠤ ᠡᠭᠦᠷᠭᠡᠯᠡᠪᠡ᠃ ᠪᠦᠬᠦ ᠹᠷᠣᠨᠲ ᠤᠨ ᠨᠥᠬᠦᠳ ᠦᠵᠡᠯ ᠰᠠᠨᠠᠭᠠᠨ ᠤ ᠡᠭᠦᠷᠭᠡᠯᠡᠯ ᠢᠶᠠᠨ ᠦᠷᠭᠦᠯᠵᠢᠯᠡᠨ ᠴᠢᠩᠭᠠᠳᠬᠠᠵᠤ᠂ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠵᠦ᠂ ᠰᠢᠨ᠎ᠡ ᠴᠠᠭ ᠦᠶ᠎ᠡ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ᠂ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠢᠮᠠᠭᠲᠠ ᠪᠠᠲᠤ ᠰᠠᠬᠢᠵᠤ᠂ ᠶᠡᠭᠡ ᠲᠠᠯ᠎ᠠ ᠳᠤ ᠦᠢᠯᠡᠴᠢᠯᠡᠬᠦ ᠲᠠᠯ᠎ᠠ ᠪᠠᠷ ᠰᠢᠨ᠎ᠡ ᠬᠠᠷᠠᠯᠲᠠ ᠲᠠᠢ᠂ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠵᠤ᠂ ᠰᠢᠨ᠎ᠡ ᠴᠠᠭ ᠦᠶ᠎ᠡ ᠶᠢᠨ ᠤᠬᠠᠭᠤᠯᠭ᠎ᠠ ᠶᠢᠨ ᠺᠠᠳ᠋ᠷ ᠤᠨ ᠪᠠᠲᠤ ᠴᠢᠩᠭ᠎ᠠ ᠤᠯᠤᠰ ᠲᠦᠷᠦ ᠶᠢᠨ ᠡᠭᠦᠷᠭᠡᠯᠡᠯ ᠪᠠ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠬᠦ ᠬᠡᠷᠡᠭᠲᠡᠢ᠃ ᠴᠢᠳᠠᠪᠤᠷᠢ ᠪᠠᠨ ᠪᠣᠯᠪᠠᠰᠤᠷᠠᠭᠤᠯᠵᠤ᠂ ᠬᠠᠰᠢᠷ ᠴᠢᠳᠠᠪᠤᠷᠢᠲᠠᠨ ᠪᠣᠯᠵᠤ᠂ ︽ᠳᠥᠷᠪᠡᠨ ᠴᠢᠳᠠᠪᠤᠷᠢ︾ ᠪᠠᠨ ᠲᠠᠰᠤᠷᠠᠯᠲᠠ ᠥᠬᠡᠶ ᠴᠢᠩᠭᠠᠳᠬᠠᠵᠤ᠂ ᠲᠠᠰᠤᠷᠠᠯᠲᠠ ᠥᠬᠡᠶ ᠰᠢᠨ᠎ᠡ ᠮᠡᠳᠡᠯᠭᠡ ᠰᠤᠷᠤᠯᠴᠠᠵᠤ᠂ ᠰᠢᠨ᠎ᠡ ᠤᠷ᠎ᠠ ᠴᠢᠳᠠᠪᠤᠷᠢ ᠶᠢ ᠡᠵᠡᠮᠰᠢᠵᠦ᠂ ᠰᠢᠨ᠎ᠡ ᠬᠦᠷᠢᠶ᠎ᠡ ᠴᠠᠷᠠᠭ᠎ᠠ ᠶᠢ ᠣᠶᠢᠯᠠᠭᠠᠵᠤ᠂ ᠰᠢᠨ᠎ᠡ ᠬᠠᠷᠠᠭ᠎ᠠ ᠪᠠᠨ ᠨᠡᠭᠡᠭᠡᠬᠦ ᠬᠡᠷᠡᠭᠲᠡᠶ᠃ ᠣᠯᠠᠨ ᠢᠶᠠᠷ ᠢᠶᠠᠨ ᠲᠣᠰ ᠤᠳᠠᠭᠠᠨ ᠤ ᠪᠣᠯᠪᠠᠰᠤᠷᠠᠯ ᠤᠨ ᠠᠵᠠ ᠲᠣᠬᠢᠶᠠᠯ ᠢ ᠨᠠᠨᠳᠢᠩᠨᠠᠵᠤ᠂ ᠵᠥᠪ ᠴᠢᠭᠯᠡᠯ ᠢᠶᠠᠷ ᠤᠳᠤᠷᠢᠳᠤᠮᠵᠢ ᠪᠣᠯᠭᠠᠬᠤ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢᠨ ᠴᠢᠳᠠᠪᠤᠷᠢ ᠪᠠᠨ ᠴᠢᠩᠭᠠᠳᠬᠠᠵᠤ᠂ ᠰᠣᠶᠣᠯ ᠤᠨ ᠰᠢᠨ᠎ᠡ ᠶᠢ ᠡᠭᠦᠳᠦᠨ ᠪᠦᠲᠦᠭᠡᠬᠦ ᠴᠢᠳᠠᠪᠤᠷᠢ᠂ ᠵᠠᠷᠤᠳ ᠤᠨ ᠥᠯᠢᠭᠡᠷ ᠳᠠᠭᠤᠷᠢᠶᠠᠯ ᠢ ᠶᠠᠷᠢᠬᠤ ᠴᠢᠳᠠᠪᠤᠷᠢ᠂ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠪᠠᠨ ᠰᠠᠶᠢᠲᠤᠷ ᠲᠡᠭᠡᠭᠰᠢᠯᠡᠬᠦᠯᠵᠦ᠂ ᠦᠨᠡᠨ ᠬᠦ ︽ᠬᠡᠳᠦᠨ ᠴᠢᠳᠠᠪᠤᠷᠢ︾ ᠶᠢ ᠪᠣᠯᠪᠠᠰᠤᠷᠠᠭᠤᠯᠵᠤ᠂ ᠲᠤᠰᠬᠠᠶ ᠮᠡᠷᠭᠡᠵᠢᠯᠲᠡᠨ ᠪᠠ  ᠴᠢᠳᠠᠪᠤᠷᠢᠳᠠᠨ ᠪᠤᠯᠬᠤ ᠬᠡᠷᠡᠭᠲᠡᠢ︔ ᠭᠦᠨᠵᠡᠭᠡᠶ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠡᠵᠡᠮᠰᠢᠵᠦ᠂ ᠪᠣᠳᠠᠲᠤ ᠪᠠᠶᠢᠯᠳᠤᠭᠠᠨ ᠤ ᠴᠢᠳᠠᠪᠤᠷᠢ ᠪᠠᠨ ᠳᠡᠭᠡᠭᠰᠢᠯᠡᠭᠦᠯᠦᠨ᠂ ᠪᠣᠳᠠᠲᠠᠶ ᠪᠣᠯᠪᠠᠰᠤᠷᠠᠯ ᠤᠨ ᠰᠣᠷᠢᠯᠲᠠ ᠪᠠᠨ ᠨᠠᠷᠢᠨ ᠬᠢᠨᠠᠮᠠᠭᠠᠶ ᠰᠤᠷᠤᠯᠴᠠᠵᠤ᠂ ᠲᠡᠭᠦᠨ ᠤ ᠣᠬᠢ ᠰᠣᠳᠣ ᠶᠢ ᠨᠢ ᠭᠦᠨᠵᠡᠭᠡᠶ ᠣᠶᠢᠯᠠᠭᠠᠵᠤ᠂ ᠤᠷᠢᠳ ᠢᠶᠠᠷ ᠰᠤᠷᠤᠯᠴᠠᠵᠤ᠂ ᠭᠦᠨᠵᠡᠭᠡᠶ ᠰᠤᠷᠤᠯᠴᠠᠵᠤ᠂ ᠡᠮᠦᠨ᠎ᠡ ᠡᠩᠨᠡᠭᠡᠨ ᠳᠤ ᠶᠠᠪᠤᠵᠤ᠂ ᠰᠠᠶᠢᠨ ᠦᠯᠢᠭᠡᠷ ᠳᠠᠭᠤᠷᠢᠶᠠᠯ ᠪᠣᠯᠬᠤ ᠬᠡᠷᠡᠭᠲᠡᠶ᠃ ᠰᠣᠷᠣᠭᠰᠠᠨ ᠠᠭᠤᠯᠭ᠎ᠠ ᠪᠠᠨ ᠲᠣᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠣᠷᠭᠠᠨᠢᠭ ᠢᠶᠠᠷ ᠤᠶᠠᠯᠳᠤᠭᠤᠯᠵᠤ᠂ ᠲᠣᠰ ᠭᠠᠵᠠᠷ ᠣᠷᠣᠨ ᠲᠣᠰ ᠨᠢᠭᠡᠴᠡ ᠶᠢᠨ ᠢᠶᠠᠨ ᠰᠢᠨ᠎ᠡ ᠴᠠᠭ ᠦᠶ᠎ᠡ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠬᠦ ᠰᠢᠨ᠎ᠡ ᠠᠷᠭ᠎ᠠ ᠬᠡᠮᠵᠢᠶ᠎ᠡ᠂ ᠰᠢᠨ᠎ᠡ ᠠᠷᠭ᠎ᠠ ᠠᠪᠴᠢᠯ᠂ ᠰᠠᠶᠢᠨ ᠭᠠᠷᠳᠠᠴᠠ᠂ ᠰᠤᠳᠤᠨ ᠤᠬᠠᠭᠠᠨ ᠢ ᠭᠦᠨᠵᠡᠭᠡᠶ ᠪᠣᠳᠣᠯᠬᠢᠯᠠᠵᠤ᠂ ᠰᠤᠷᠤᠯᠴᠠᠨ ᠰᠡᠳᠬᠢᠵᠦ ᠨᠡᠪᠲᠡᠷᠡᠲᠡᠯ᠎ᠡ ᠣᠶᠢᠯᠠᠭᠠᠵᠤ᠂ ᠰᠣᠷᠣᠭᠰᠠᠨ ᠢᠶᠠᠨ ᠬᠡᠷᠡᠭᠯᠡᠵᠦ᠂ ᠨᠠᠮ ᠤᠨ ᠰᠢᠨ᠎ᠡ ᠶᠢ ᠡᠭᠦᠳᠬᠦ ᠣᠨᠣᠯ ᠪᠠ ᠲᠡᠷᠢᠭᠦᠨ ᠤ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠦᠨᠡᠨ ᠬᠦ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠪᠣᠳᠠᠲᠤ ᠳᠠᠶᠢᠨ ᠤ ᠴᠢᠳᠠᠪᠤᠷᠢ ᠪᠠ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠶ ᠭᠡᠪᠡ᠃    
微信图片_20241224094331.jpg
    ᠲᠣᠰ ᠤᠳᠠᠭᠠᠨ ᠤ ᠪᠣᠯᠪᠠᠰᠤᠷᠠᠯ ᠤᠨ ᠠᠩᠭᠢ 1 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠫᠷᠤᠹᠧᠰᠰᠤᠷ ᠯᠢ ᡁᠢ ᠴᠤᠤ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠰᠣᠨᠢᠨ ᠮᠡᠳᠡᠭᠡ ᠬᠡᠪᠯᠡᠯ ᠤᠨ ᠡᠷᠬᠡ ᠶᠢᠨ ᠲᠣᠪᠴᠢᠶᠠᠨ ᠤ ᠳᠠᠷᠤᠭ᠎ᠠ ᠰᠢᠨ ᠰᠢᠨ ᠢ ᠤᠷᠢᠵᠤ᠂ ᠲᠣᠰ ᠪᠦᠷᠢ ︽ᠭᠡᠨᠡᠳᠲᠡ ᠶᠢᠨ ᠬᠡᠷᠡᠭ ᠤᠨ ᠰᠣᠨᠢᠨ ᠮᠡᠳᠡᠭᠡ ᠨᠡᠶᠢᠲᠡᠯᠡᠬᠦ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠦᠨ ᠵᠢᠯᠣᠭᠤᠳᠬᠤ — ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠳᠠᠭᠤᠷᠢᠶᠠᠮᠠᠯ ᠰᠣᠷᠢᠯᠲᠠ︾᠂ ︽︿ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ﹀ ᠪᠠᠶᠢᠳᠠᠯ ᠬᠢᠭᠡᠳ ᠲᠥᠷᠥ ᠶᠢᠨ ᠪᠣᠳᠣᠯᠭ᠎ᠠ ᠶᠢᠨ ᠲᠠᠶᠢᠯᠤᠮᠵᠢ︾ ᠭᠡᠬᠦ ᠰᠡᠳᠦᠪ ᠢᠶᠠᠷ ᠲᠤᠰᠬᠠᠶ ᠰᠡᠳᠦᠪᠲᠦ ᠲᠠᠶᠢᠯᠤᠮᠵᠢ ᠬᠢᠪᠠ᠃ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ ᠭᠦᠸᠧ ᠰᠢᠶᠤᠤ ᠴᠢᠶᠠᠨ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠠᠯᠪᠠᠨ ᠬᠡᠷ ᠤᠨ ᠬᠠᠷᠢᠭᠤᠴᠠᠯᠭᠠᠲᠠᠨ ᠮᠤᠤ ᠢᠦᠶ ᠱᠧᠩ ᠠᠴᠠ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠳᠤ ᠤᠮᠠᠷᠠᠲᠤ ᠬᠢᠯᠢ ᠶᠢᠨ ᠬᠦᠴᠦᠨ ᠴᠢᠳᠠᠯ ᠢᠶᠠᠨ ᠡᠷᠭᠦᠬᠦ︾᠂ ︽ᠰᠢᠨ᠎ᠡ ᠴᠠᠭ ᠦᠶ᠎ᠡ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠭᠦᠨᠵᠡᠭᠡᠶ ᠵᠠᠳᠠᠯᠤᠯᠲᠠ ᠪᠠ ᠥᠨᠳᠥᠷ ᠪᠦᠲᠦᠮᠵᠢᠲᠡᠶ ᠨᠠᠶᠢᠳᠠᠪᠤᠷᠢᠵᠢᠭᠤᠯᠤᠯᠲᠠ︾ ᠵᠡᠷᠭᠡ ᠠᠭᠤᠯᠭ᠎ᠠ ᠶᠢᠨ ᠲᠣᠭᠤᠷᠢᠨ ᠳᠤ ᠲᠤᠰᠬᠠᠶ ᠰᠡᠳᠦᠪᠲᠦ ᠲᠠᠶᠢᠯᠤᠮᠵᠢ ᠬᠢᠪᠠ᠃ ᠬᠢᠴᠢᠶᠡᠯ ᠤᠨ ᠠᠭᠤᠯᠭ᠎ᠠ ᠨᠢ ᠡᠯᠪᠡᠭ ᠪᠠᠶᠠᠯᠢᠭ ᠪᠥᠭᠡᠳ ᠣᠯᠠᠨ ᠶᠠᠩᠵᠤ ᠶᠢᠨ ᠪᠠᠶᠢᠵᠤ᠂ ᠣᠨᠣᠯ ᠤᠨ ᠬᠢᠴᠢᠶᠡᠯ᠂ ᠬᠡᠷᠡᠭ ᠤᠨ ᠵᠢᠱᠢᠶ᠎ᠡ ᠶᠢ ᠵᠠᠳᠠᠯᠬᠤ᠂ ᠲᠤᠬᠠᠶ ᠶᠢᠨ ᠲᠠᠯᠠᠪᠤᠷ ᠤᠨ ᠰᠣᠷᠢᠯᠲᠠ ᠬᠢᠬᠦ ᠵᠡᠷᠭᠡ ᠭᠤᠭᠴᠤᠭ᠎ᠠ ᠶᠢ ᠬᠠᠮᠤᠷᠴᠤ᠂ ᠰᠤᠷᠤᠭᠴᠢᠳ ᠤᠨ ᠣᠨᠣᠯ ᠤᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠤᠷᠤᠯᠴᠠᠭᠰᠠᠳ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠬᠦ ᠴᠤᠭ ᠰᠦᠯᠳᠡ ᠶᠢ ᠬᠥᠭᠵᠢᠭᠡᠪᠡ᠃    ᠪᠣᠯᠪᠠᠰᠤᠷᠠᠯ ᠤᠨ ᠳᠤᠮᠳᠠ᠂ ᠰᠤᠷᠤᠭᠴᠢᠳ ᠨᠠᠷᠢᠨ ᠬᠢᠨᠠᠮᠠᠭᠠᠶ ᠣᠷᠣᠯᠴᠠᠵᠤ᠂ ᠢᠳᠡᠪᠬᠢᠲᠡᠶ ᠪᠠᠷ ᠰᠡᠳᠬᠢᠨ ᠪᠣᠳᠣᠯᠬᠢᠯᠠᠵᠤ᠂ ᠤᠯᠤᠰ ᠲᠥᠷᠥ ᠶᠢᠨ ᠬᠡᠪ ᠪᠣᠯᠪᠠᠰᠤᠷᠠᠯ ᠬᠢᠭᠡᠳ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ︽ᠬᠤᠣᠰ ᠦᠰᠦᠷᠦᠯ︾ ᠢ ᠴᠢᠷᠮᠠᠶᠢᠨ ᠪᠡᠶᠡᠯᠡᠭᠦᠯᠪᠡ᠃ ᠣᠯᠠᠨ ᠢᠶᠠᠷ ᠢᠶᠠᠨ᠂ ᠲᠣᠰ ᠤᠳᠠᠭᠠᠨ ᠤ ᠪᠣᠯᠪᠠᠰᠤᠷᠠᠯ ᠤᠨ ᠠᠭᠤᠯᠭ᠎ᠠ ᠪᠠᠶᠠᠯᠢᠭ᠂ ᠮᠠᠰᠢ ᠴᠢᠩᠭ᠎ᠠ ᠬᠠᠨᠳᠤᠯᠭᠠᠲᠤ ᠴᠢᠨᠠᠷ᠂ ᠵᠢᠯᠣᠭᠤᠳᠬᠤ ᠴᠢᠨᠠᠷ ᠪᠠ ᠦᠢᠯᠡᠳᠦᠯᠭᠡᠲᠦ ᠴᠢᠨᠠᠷ ᠲᠠᠢ ᠪᠠᠶᠢᠵᠤ᠂ ᠲᠣᠰ ᠪᠡᠶ᠎ᠡ ᠶᠢᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠶᠡᠷᠦᠩᠬᠡᠶᠢᠯᠡᠭᠰᠡᠨ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠶᠢᠰᠢᠳᠠ ᠶᠢᠨ ᠵᠠᠷᠤᠳ ᠤᠨ ᠥᠯᠢᠭᠡᠷ ᠢ ᠨᠠᠩ ᠰᠠᠶᠢᠲᠤᠷ ᠶᠠᠷᠢᠵᠤ᠂ ᠰᠢᠨ᠎ᠡ ᠴᠠᠭ ᠦᠶ᠎ᠡ ᠶᠢᠨ ᠪᠥᠬᠦ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠰᠠᠶᠢᠨ ᠰᠠᠭᠤᠷᠢ ᠲᠠᠯᠪᠢᠵᠤ ᠥᠭᠪᠡ ᠭᠡᠵᠦ ᠢᠯᠡᠳᠬᠡᠵᠡᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号