ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠪᠣᠯᠤᠨ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠥᠪᠥᠷ ᠮᠣᠩᠭᠤᠯ ᠤᠨ ᠺᠣᠮᠫᠠᠨᠢ ᠶᠢᠨ ᠴᠠᠬᠢᠯᠭᠠᠨ ᠬᠦᠴᠦᠨ ᠤ ᠬᠤᠪᠢᠶᠠᠷᠢ ᠺᠣᠮᠫᠠᠨᠢ ᠬᠠᠮᠲᠤᠷᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠣᠳᠬᠠᠬᠤ ᠬᠠᠷᠢᠯᠴᠠᠨ ᠰᠤᠷᠤᠯᠴᠠᠵᠤ ᠬᠠᠮᠲᠤ ᠪᠠᠷ ᠠᠬᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/25
    12 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠪᠣᠯᠤᠨ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠥᠪᠥᠷ ᠮᠣᠩᠭᠤᠯ ᠤᠨ ᠺᠣᠮᠫᠠᠨᠢ ᠶᠢᠨ ᠴᠠᠬᠢᠯᠭᠠᠨ ᠬᠦᠴᠦᠨ ᠤ ᠬᠤᠪᠢᠶᠠᠷᠢ ᠺᠣᠮᠫᠠᠨᠢ ᠬᠠᠮᠲᠤᠷᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠣᠳᠬᠠᠨ ᠬᠠᠷᠢᠯᠴᠠᠨ ᠰᠤᠷᠤᠯᠴᠠᠵᠤ ᠬᠠᠮᠲᠤ ᠪᠠᠷ ᠠᠬᠢᠭᠤᠯᠬᠤ ᠠᠵᠢᠯᠯᠠᠭ᠎ᠠ ᠥᠷᠨᠢᠭᠦᠯᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠩ ᠳ᠋ᠠ ᠫᠧᠩ ᠣᠷᠣᠯᠴᠠᠪᠠ᠃ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠢᠤᠢ ᠸᠧᠨ ᠵᠢᠶᠧ᠂ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠥᠪᠥᠷ ᠮᠣᠩᠭᠤᠯ ᠤᠨ ᠺᠣᠮᠫᠠᠨᠢ ᠶᠢᠨ ᠳᠡᠳ᠋ ᠶᠡᠷᠦᠩᠬᠡᠶ ᠢᠨᠵᠧᠨᠧᠷ ᠂ ᠴᠠᠬᠢᠯᠭᠠᠨ ᠬᠦᠴᠦᠨ ᠤ ᠬᠤᠪᠢᠶᠠᠷᠢ ᠺᠣᠮᠫᠠᠨᠢ ᠶᠢᠨ ᠶᠡᠷᠦᠩᠬᠡᠶ ᠳᠠᠭᠠᠭᠠᠮᠠᠯ ᠵᠤᠤ ᠶᠢᠨ ᠢᠦᠶ ᠪᠠᠷ᠎ᠠ ᠪᠣᠯᠪᠠ᠃     ᠠᠵᠢᠯᠯᠠᠭ᠎ᠠ ᠳᠤ᠂ ᠵᠠᠩ ᠳ᠋ᠠ ᠫᠧᠩ ᠬᠠᠮᠲᠤ ᠶᠠᠪᠣᠭᠰᠠᠳ ᠲᠠᠢ ᠪᠠᠨ ᠴᠠᠬᠢᠯᠭᠠᠨ ᠬᠦᠴᠦᠨ ᠤ ᠬᠢᠨᠠᠨ ᠡᠵᠡᠮᠳᠡᠬᠦ ᠵᠢᠯᠣᠭᠤᠳᠬᠤ ᠲᠥᠪ ᠤᠨ ᠨᠠᠮ ᠤᠨ ᠡᠭᠦᠷ ᠤᠨ ᠨᠠᠮ ᠤᠨ ᠭᠡᠰᠢᠭᠦᠨ ᠤ ᠠᠵᠢᠯᠯᠠᠭ᠎ᠠ ᠶᠢᠨ ᠲᠠᠰᠤᠭ᠂ ᠣᠷᠴᠢᠯ ᠠᠵᠤ ᠠᠬᠤᠢ ᠶᠢᠨ ᠦᠵᠡᠭᠦᠯᠭᠡ ᠶᠢᠨ ᠲᠢᠩᠬᠢᠮ᠂ ᠲᠤᠬᠢᠷᠠᠭᠤᠯᠤᠯᠲᠠ ᠶᠢᠨ ᠶᠡᠭᠡ ᠲᠢᠩᠬᠢᠮ᠂ ᠨᠠᠮ ᠤᠨ ᠪᠠᠶᠢᠭᠤᠯᠤᠯᠲᠠ ᠶᠢᠨ ᠰᠤᠷᠤᠯᠴᠠᠯᠭ᠎ᠠ ᠬᠥᠮᠦᠵᠢᠯ ᠤᠨ ᠰᠠᠭᠤᠷᠢᠨ ᠭᠠᠵᠠᠷ ᠵᠢᠴᠢ ᠬᠠᠯᠠᠭᠤᠨ ᠡᠵᠡᠮᠰᠢᠯᠳᠦ ᠪᠠᠶᠢᠴᠠᠭᠠᠨ ᠵᠠᠰᠠᠬᠤ ᠲᠠᠰᠤᠭ ᠤᠨ ᠨᠠᠮ ᠤᠨ ᠡᠭᠦᠷ ᠤᠨ ᠠᠬᠤᠢ ᠲᠠᠯᠠᠪᠠᠢ ᠳᠤ ᠲᠣᠭᠤᠷᠢᠨ ᠦᠵᠡᠵᠦ ᠰᠠᠨᠠᠯ ᠢᠶᠠᠨ ᠰᠣᠯᠢᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠣᠳᠬᠠᠬᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠵᠢᠴᠢ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠵᠡᠷᠭᠡ ᠠᠵᠢᠯ ᠤᠨ ᠲᠠᠯ᠎ᠠ ᠪᠠᠷ ᠢᠳᠡᠪᠬᠢᠲᠡᠢ ᠪᠠᠷ ᠲᠠᠪᠴᠠᠩ ᠪᠠᠶᠢᠭᠤᠯᠬᠤ ᠳᠤ ᠬᠦᠴᠦᠯᠡᠵᠦ᠂ ᠨᠢᠭᠡᠳᠦᠮᠡᠯ ᠹᠷᠣᠨᠲ ᠤᠨ ᠡᠬᠢ ᠪᠠᠶᠠᠯᠢᠭ ᠤᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠬᠤᠶᠠᠷ ᠰᠠᠯᠠᠭ᠎ᠠ ᠮᠥᠴᠢᠷ ᠤᠨ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃     ᠳᠠᠷᠠᠭ᠎ᠠ ᠨᠢ ᠰᠠᠭᠤᠳᠠᠯ ᠤᠨ ᠬᠤᠷᠠᠯ ᠬᠢᠪᠡ᠂ ᠬᠤᠷᠠᠯ ᠳᠡᠭᠡᠷ᠎ᠡ ᠲᠣᠰ ᠪᠡᠶ᠎ᠡ ᠶᠢᠨ ᠡᠭᠦᠷᠭᠡ ᠴᠢᠳᠠᠪᠤᠷᠢ ᠲᠠᠢ ᠪᠠᠨ ᠬᠡᠷᠬᠢᠨ ᠤᠶᠠᠯᠳᠤᠭᠤᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠣᠳᠬᠠᠬᠤ᠂ ᠦᠨᠳᠦᠰᠦᠲᠡᠨ ᠤ ᠪᠦᠯᠬᠦᠮᠳᠡᠯ ᠵᠢᠴᠢ ᠨᠠᠮ ᠤᠨ ᠪᠠᠶᠢᠭᠤᠯᠤᠯᠲᠠ ᠶᠢᠨ ᠰᠠᠭᠤᠷᠢ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠰᠠᠶᠢᠲᠤᠷ ᠬᠢᠬᠦ ᠶᠢᠨ ᠲᠣᠭᠤᠷᠢᠨ ᠳᠤ ᠲᠣᠰ ᠪᠦᠷᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠭᠰᠠᠨ ᠪᠥᠭᠡᠳ ᠠᠬᠤᠢ ᠲᠠᠯᠠᠪᠠᠢ ᠳᠤ ᠵᠠᠰᠠᠭ ᠠᠵᠤ ᠠᠬᠤᠶᠢᠯᠠᠯ ᠬᠢᠨ ᠰᠡᠳᠬᠢᠯ ᠵᠢᠷᠦᠬᠡ ᠪᠠᠨ ᠬᠤᠯᠪᠣᠭᠰᠠᠨ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠣᠳᠬᠠᠨ ᠬᠠᠷᠢᠯᠴᠠᠨ ᠰᠤᠷᠤᠯᠴᠠᠵᠤ ᠬᠠᠮᠲᠤ ᠪᠠᠷ ᠠᠬᠢᠭᠤᠯᠬᠤ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃    ᠳᠠᠷᠠᠭᠠᠴᠢ ᠶᠢᠨ ᠠᠯᠬᠤᠮ ᠳᠤ᠂ ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ ᠬᠡᠯᠡᠯᠴᠡᠭᠡᠷ ᠲᠤ ᠭᠠᠷ ᠤᠨ ᠦᠰᠦᠭ ᠵᠢᠷᠤᠬᠤ ᠪᠠᠷ ᠠᠵᠠ ᠲᠣᠬᠢᠶᠠᠯ ᠪᠣᠯᠭᠠᠵᠤ᠂ ︽ᠪᠠᠶᠢᠩᠭᠤ ᠬᠤᠯᠪᠣᠭᠠᠯᠠᠬᠤ᠂ ᠬᠠᠷᠢᠯᠴᠠᠨ ᠰᠤᠷᠤᠯᠴᠠᠬᠤ᠂ ᠬᠠᠮᠲᠤᠪᠠᠷ ᠪᠠᠶᠢᠭᠤᠯᠬᠤ︾ ᠠᠵᠢᠯ ᠤᠨ ᠰᠡᠳᠬᠢᠴᠡ ᠶᠣᠰᠣᠭᠠᠷ᠂ ᠵᠣᠬᠢᠶᠠᠨ ᠪᠠᠶᠢᠭᠤᠯᠣᠯᠲᠠ᠂ ᠰᠤᠷᠣᠯᠴᠠᠬᠤ᠂ ᠠᠵᠢᠯᠯᠠᠭ᠎ᠠ ᠦᠷᠨᠢᠭᠦᠯᠬᠦ᠂ ᠨᠠᠮ ᠤᠨ ᠪᠠᠶᠢᠭᠤᠯᠣᠯᠲᠠ ᠶᠢᠨ ᠵᠢᠭᠰᠠᠭᠠᠯ ᠤᠨ ᠭᠠᠵᠠᠷ᠂ ᠦᠷ᠎ᠡ ᠪᠦᠲᠦᠭᠡᠯ ᠢ ᠪᠣᠶᠢᠵᠢᠭᠤᠯᠬᠤ ᠵᠡᠷᠭᠡ ᠤᠯᠠᠨ ᠲᠠᠯ᠎ᠠ ᠪᠠᠷ ᠬᠠᠮᠲᠤᠷᠠᠨ ᠪᠠᠶᠢᠭᠤᠯᠬᠤ ᠶᠢ ᠥᠷᠨᠢᠭᠦᠯᠵᠦ᠂ ᠨᠠᠮ ᠤᠨ ᠪᠠᠶᠢᠭᠤᠯᠤᠯᠲᠠ ᠶᠢᠨ ᠬᠠᠮᠲᠤᠷᠠᠯᠴᠠᠬᠤ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠣᠭᠴᠠᠯᠠᠬᠤ ᠠᠵᠢᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠬᠠᠷᠢᠯᠴᠠᠨ ᠠᠬᠢᠭᠤᠯᠬᠤ᠂ ᠬᠠᠮᠲᠤᠪᠠᠷ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ᠃   
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号