| 12 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ | ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠰᠢ ᠯᠢᠨ | ᠭᠠᠭ᠋ᠠᠶᠢᠲᠤ ᠪᠠᠯᠭᠠᠰᠤᠨ ᠳᠤ ᠬᠦᠷᠴᠦ ᠣᠳᠣᠬᠠᠨ ᠤ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠵᠢᠭᠠᠨ | ᠵᠢᠯᠣᠭᠤᠳᠬᠤ ᠶᠢᠨ ᠬᠠᠮᠲᠤ ᠰᠠᠭᠤᠳᠠᠯ ᠤᠨ ᠬᠤᠷᠠᠯ ᠬᠢᠪᠡ᠃ ᠬᠤᠷᠠᠯ ᠳᠡᠭᠡᠷ᠎ᠡ᠂ ᠯᠢᠦ ᠰᠢ ᠯᠢᠨ ᠭᠠᠭ᠋ᠠᠶᠢᠲᠤ | ᠪᠠᠯᠭᠠᠰᠤᠨ ᠤ ᠣᠳᠣᠬᠠᠨ ᠤ ᠭᠤᠣᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ | ᠮᠡᠳᠡᠭᠦᠯᠦᠯᠲᠡ ᠶᠢ ᠰᠣᠨᠣᠰᠤᠭᠰᠠᠨ ᠪᠥᠭᠡᠳ ᠠᠶᠤᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ | ᠬᠠᠮᠠᠭᠠᠯᠠᠬᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠬᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠢᠴᠢ 2025 ᠣᠨ ᠤ ᠲᠠᠷᠢᠶᠠᠯᠠᠩ ᠮᠠᠯ ᠠᠵᠤ ᠠᠬᠤᠢ ᠶᠢᠨ | ᠠᠵᠤ ᠦᠢᠯᠡᠰ ᠤᠨ ᠬᠥᠭᠵᠢᠯᠲᠡ ᠶᠢ ᠲᠥᠯᠥᠪᠵᠢᠭᠦᠯᠬᠦ ᠵᠡᠷᠭᠡ ᠭᠤᠣᠯᠳᠠᠯᠭ᠎ᠠ ᠲᠠᠢ ᠠᠵᠢᠯ ᠤᠨ ᠲᠤᠬᠠᠢ ᠪᠣᠳᠠᠲᠠᠢ | ᠱᠠᠭᠠᠷᠳᠠᠯᠭ᠎ᠠ ᠳᠣᠷᠠᠳᠪᠠ᠃ |